ᠲᠠᠶᠢᠹᠤᠰᠧ ᠬᠤᠰᠢᠭᠤ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/4/10
 ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠠᠳᠠᠭᠤ  ᠎ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 7᠎ ᠤ ᠡᠳᠦᠷ ᠲᠠᠶᠢᠹᠤᠰᠧ ᠬᠤᠰᠢᠭᠤ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ  ᠬᠤᠩ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠬᠤ ᠳᠠᠭᠠᠨ᠂  ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠥᠷᠭᠡᠨ ᠣᠯᠠᠨ ᠭᠠᠴᠠᠭ᠎ᠠ ᠲᠣᠰᠬᠤᠨ ᠳᠤ ᠰᠠᠭᠤᠭ᠎ᠠ  ᠺᠠᠳ᠋ᠷᠴᠤᠳ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠮᠤᠭ ᠤᠨ ᠰᠢᠭᠤᠳ ᠵᠣᠬᠢᠶᠠᠨ ᠪᠠᠶᠢᠭᠤᠯᠤᠭᠴᠢ᠂ ᠬᠡᠷᠡᠭᠵᠢᠭᠦᠯᠦᠭᠴᠢ ᠪᠠ ᠣᠷᠣᠯᠴᠠᠭᠴᠢ ᠮᠥᠨ᠃ ᠣᠯᠠᠨ ᠢᠶᠠᠷ ᠢᠶᠠᠨ ᠡᠭᠦᠷᠭᠡ ᠬᠠᠷᠢᠭᠤᠴᠠᠯᠭ᠎ᠠ ᠶᠢ ᠨᠢᠮᠪᠠᠢ ᠬᠦᠢᠴᠡᠳᠭᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠬᠥᠳᠡᠭᠡ ᠲᠣᠰᠬᠤᠨ ᠤ ᠵᠠᠰᠠᠯᠳᠠ᠂ ᠵᠠᠩ ᠳᠠᠳᠬᠠᠯ ᠤᠨ ᠦᠬᠡᠷᠡᠴᠢᠯᠡᠯᠳᠡ ᠵᠡᠷᠭᠡ ᠡᠯ᠎ᠡ  ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠪᠣᠯᠪᠠᠰᠤᠷᠠᠯ ᠤᠨ ᠠᠭᠤᠯᠭ᠎ᠠ ᠲᠠᠢ  ᠬᠠᠷᠢᠴᠠᠭᠤᠯᠤᠨ᠂ ᠨᠠᠷᠢᠨ ᠬᠢᠨᠠᠮᠠᠭᠠᠢ ᠡᠮᠬᠢᠯᠡᠨ ᠳ᠋ᠦᠩᠨᠡᠵᠦ᠂  ᠲᠥᠷᠥ ᠶᠢᠨ ᠪᠣᠳᠣᠯᠭ᠎ᠠ ᠪᠠ ᠠᠷᠭ᠎ᠠ ᠲᠦᠰᠦᠪ ᠢ ᠲᠤᠤᠱᠳᠠᠢ ᠰᠤᠳᠤᠯᠤᠨ  ᠂ ᠲᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠲᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠶᠢᠨ ᠭᠤᠣᠯᠳᠠᠯᠭ᠎ᠠ ᠲᠠᠢ ᠠᠵᠢᠯ  ᠡᠬᠦᠷᠭᠡ ᠶᠢ ᠲᠠᠶᠢᠯᠪᠤᠷᠢᠯᠠᠨ᠂ 2022 ᠣᠨ ᠤ ᠡᠯ᠎ᠡ ᠱᠠᠲᠤᠨ ᠤ ᠪᠠᠶᠢᠴᠠᠭᠠᠵᠤ ᠲᠤᠰᠬᠠᠭᠰᠠᠨ ᠠᠰᠠᠭᠤᠳᠠᠯ  ᠎ ᠢ ᠮᠡᠳᠡᠭᠳᠡᠵᠦ᠂ ᠲᠠᠶᠢᠹᠤᠰᠧ ᠬᠤᠰᠢᠭᠤᠨ ᠤ ︽ᠡᠷᠬᠢᠨ ᠬᠠᠷᠠᠬᠤ︾ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠭᠰᠠᠨ ᠪᠦᠭᠡᠳ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠠᠰ ᠳᠠᠷᠠᠭᠠᠯᠠᠨ  ᠲᠠᠶᠢᠯᠪᠤᠷᠢᠯᠠᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠡᠢ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠢᠨᠠᠨ ᠰᠢᠯᠭᠠᠬᠤ ᠲᠤᠪᠴᠢᠶᠠᠨ ᠤ ᠺᠠᠳ᠋ᠷ ᠠᠵᠢᠯᠳᠠᠳ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠎ ᠢ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤᠨ ᠎ ᠤ ᠬᠤᠪᠢᠳᠠᠨ ᠬᠠᠮᠢᠶᠠᠷᠬᠤ ᠤᠳᠤᠷᠢᠳᠤᠯᠭ᠎ᠠ  ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠦᠷᠳᠡᠭᠡᠨ ᠤ ᠺᠠᠳ᠋ᠷ ᠠᠵᠢᠯᠳᠠᠳ᠂ 176 ᠭᠠᠴᠠᠭ᠎ᠠ ᠲᠣᠰᠬᠤᠨ ᠤ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠳᠠᠷᠤᠭ᠎ᠠ ᠪᠠ  ᠭᠡᠰᠢᠬᠦᠳ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶᠠᠨ ᠤ ᠤᠳᠤᠷᠢᠳᠬᠤ ᠪᠠᠭ ᠤᠨ ᠭᠡᠰᠢᠬᠦᠳ ᠪᠠ  ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号