4 ᠰᠠᠷ᠎ᠠ ᠶᠢᠨ 7 ᠤ ᠡᠳᠦᠷ᠂ ᠬᠤᠰᠢᠭᠤᠨ ᠤ ᠳᠥᠷᠪᠡᠨ ᠶᠡᠭᠡ ᠪᠠᠭ ᠤᠨ ᠠᠯᠪᠠᠨ ᠭᠡᠷ ᠤᠨ ᠡᠷᠬᠢᠯᠡᠭᠴᠢ ᠶᠢᠨ | ᠬᠠᠮᠲᠤᠷᠠᠭᠰᠠᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ | ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠵᠤᠤ ᠬᠠᠢ ᠯᠢ ᠬᠤᠷᠠᠯ ᠡᠷᠭᠢᠯᠡᠵᠦ ᠶᠠᠷᠢᠶ᠎ᠠ ᠲᠠᠯᠪᠢᠵᠠᠢ᠃ ᠬᠤᠷᠠᠯ | ᠲᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ᠪᠦᠬᠦ ᠨᠠᠮ ᠤᠨ ᠬᠡᠪᠴᠢᠶᠡᠨ ᠳᠤ ᠪᠠᠶᠢᠴᠠᠭᠠᠨ ᠰᠤᠳᠤᠯᠤᠯᠲᠠ ᠶᠢ ᠶᠡᠬᠡᠪᠡᠷ ᠥᠷᠨᠢᠭᠦᠯᠬᠦ ᠲᠤᠬᠠᠢ | ᠠᠵᠢᠯ ᠤᠨ ᠲᠦᠰᠦᠪ︾ ︽ᠬᠤᠷᠠᠯ ᠴᠤᠭᠯᠠᠭᠠᠨ᠂ ᠰᠣᠨᠢᠨ ᠮᠡᠳᠡᠭᠡᠯᠡᠯ ᠪᠣᠯᠣᠨ ᠪᠢᠴᠢᠭ ᠮᠠᠲ᠋ᠧᠷᠢᠶᠠᠯ ᠤᠨ ᠠᠵᠢᠯ ᠢ | ᠴᠢᠨᠠᠭᠰᠢᠳᠠ ᠲᠦᠷᠢᠮᠵᠢᠬᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ | ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ | ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠶᠢᠨ | ᠬᠠᠮᠲᠤᠷᠠᠭᠰᠠᠨ ᠬᠤᠷᠠᠯ ᠤᠨ ᠳᠦᠷᠢᠮ︾ ᠢ ᠬᠢᠨᠠᠨ ᠵᠥᠪᠯᠡᠪᠡ᠃ ᠬᠤᠷᠠᠯ ᠠᠴᠠ᠂ ᠳᠦᠷᠪᠡᠨ ᠶᠡᠭᠡ ᠤᠳᠤᠷᠢᠳᠬᠤ | ᠪᠠᠭ ᠤᠨ ᠠᠯᠪᠠᠨ ᠭᠡᠷ ᠨᠢ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ︽ᠴᠢᠩᠭ᠎ᠠ᠂ | ᠲᠦᠷᠭᠡᠨ᠂ ᠨᠠᠷᠢᠯᠢᠭ᠂ ᠪᠣᠳᠠᠲᠠᠢ︾ ᠪᠠᠶᠢᠬᠤ ᠠᠵᠢᠯ ᠤᠨ ᠰᠤᠷᠲᠠᠯ ᠢ ᠢᠮᠠᠭᠲᠠ ᠪᠠᠷᠢᠮᠳᠠᠯᠠᠨ᠂ ᠬᠠᠷᠢᠯᠴᠠᠵᠤ | ᠵᠣᠬᠢᠴᠠᠭᠤᠯᠬᠤ᠂ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠢ ᠴᠤᠮᠬᠠᠳᠬᠠᠵᠤ ᠬᠤᠷᠠᠯ ᠴᠤᠭᠯᠠᠭᠠᠨ ᠢ | ᠪᠠᠭᠠᠰᠬᠠᠬᠤ ᠵᠡᠷᠭᠡ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠬᠦ ᠬᠡᠷᠡᠭᠲᠡᠢ᠃ ᠪᠦᠬᠦ ᠲᠠᠯ᠎ᠠ ᠶᠢᠨ | ᠦᠵᠡᠯᠲᠡ ᠪᠠ ᠶᠡᠭᠡ ᠲᠠᠯ᠎ᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠬᠠᠷᠢᠯᠴᠠᠭ᠎ᠠ ᠬᠠᠮᠵᠢᠯᠴᠠᠭ᠎ᠠ ᠪᠦᠯᠬᠦᠮᠳᠡᠯ | ᠨᠢᠬᠳᠠᠷᠠᠯ ᠢᠶᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠲᠡᠭᠡᠭᠰᠢᠯᠡᠬᠦᠯᠦᠨ᠂ | ᠵᠠᠷᠯᠢᠭ ᠵᠢᠭᠠᠪᠤᠷᠢ ᠶᠢᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠵᠠᠢ᠃ | ᠬᠤᠰᠢᠭᠤᠨ ᠤ ᠳᠥᠷᠪᠡᠨ ᠶᠡᠭᠡ ᠪᠠᠭ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠭᠡᠷ᠂ ᠬᠠᠮᠲᠤᠷᠠᠯᠴᠠᠭ᠎ᠠ ᠰᠣᠯᠢᠯᠴᠠᠭᠠᠨ ᠤ | ᠲᠥᠪ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠤᠷᠤᠯᠴᠠᠪᠠ᠃ |