ᠲᠠᠶᠢᠹᠤᠰᠧ ᠬᠤᠰᠢᠭᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢᠨ ᠫᠠᠶᠢᠰᠠ ᠰᠡᠬᠦᠬᠦ ᠶᠣᠰᠣᠯᠠᠯ ᠶᠠᠪᠤᠭᠤᠯᠤᠭᠰᠠᠨ
ᠨᠡᠶᠢᠲᠡᠯᠡᠭᠰᠡᠨ ᠴᠠᠭ᠄
2023/4/11
  4 ᠰᠠᠷ᠎ᠠ ᠶᠢᠨ 10᠎ ᠤ ᠡᠳᠦᠷ᠂  ᠲᠠᠶᠢᠹᠤᠰᠧ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠫᠠᠶᠢᠰᠠ ᠰᠡᠬᠦᠬᠦ ᠶᠣᠰᠣᠯᠠᠯ  ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠶᠣᠰᠣᠯᠠᠯ ᠳᠤ ᠤᠷᠤᠯᠴᠠᠵᠤ ᠪᠠᠶᠠᠷ ᠤᠨ ᠦᠭᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ ᠲᠠᠶᠢᠹᠤᠰᠧ ᠬᠤᠰᠢᠭᠤ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠤᠯᠭᠠᠨ᠂  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠠᠶᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠬᠠᠩᠭᠠᠭᠰᠠᠨ ᠪᠠᠶᠢᠨ᠎ᠠ᠃ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠲᠠᠮᠵᠢᠭᠠᠳ᠂ ᠲᠠᠶᠢᠹᠤᠰᠧ ᠬᠤᠰᠢᠭᠤᠨ ᠤ ᠬᠤᠲᠠ ᠶᠢᠨ ᠦᠩᠭᠡ ᠲᠥᠷᠬᠦ᠂ ᠬᠥᠭᠵᠢᠯᠲᠡ ᠶᠢᠨ ᠣᠷᠴᠢᠨ ᠨᠥᠬᠦᠴᠡᠯ ᠲᠠᠰᠤᠷᠠᠯᠲᠠ ᠥᠬᠡᠶ ᠰᠢᠯᠢᠳᠡᠭᠵᠢᠵᠦ᠂ ᠨᠡᠷ᠎ᠡ ᠠᠯᠳᠠᠷᠰᠢᠯ ᠤᠨ ᠬᠡᠮᠵᠢᠶ᠎ᠡ ᠤᠯᠠᠮ ᠨᠢᠭᠡ ᠠᠯᠬᠤᠮ ᠨᠡᠮᠡᠭᠳᠡᠨ᠂ ᠲᠠᠲᠠᠬᠤ ᠬᠦᠴᠦᠨ ᠪᠠ ᠥᠷᠢᠰᠦᠯᠳᠦᠬᠦ ᠬᠦᠴᠦᠨ ᠦᠷᠭᠦᠯᠵᠢᠯᠡᠨ ᠴᠢᠩᠭᠠᠷᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠪᠣᠯᠪᠠᠰᠤᠨ ᠤ ᠬᠡᠪ ᠪᠣᠯᠪᠠᠰᠤᠷᠠᠯ ᠴᠣ᠋  ᠶᠡᠭᠡ ᠪᠠᠷ ᠲᠡᠭᠡᠭᠰᠢᠯᠡᠵᠡᠢ  ᠃  ᠬᠤᠶᠢᠰᠢᠳᠠ ᠬᠤᠰᠢᠭᠤ ᠲᠠᠶᠠᠭᠠᠷ ᠨᠠᠩ ᠡᠷᠡᠰ ᠪᠠᠲᠤ ᠢᠳᠡᠭᠡᠯ ᠵᠣᠷᠢᠭ᠂ ᠨᠠᠩ ᠪᠣᠳᠠᠲᠠᠶ ᠶᠢ ᠡᠷᠬᠢᠮᠯᠡᠬᠦ ᠤᠪᠤᠷ ᠰᠤᠷᠲᠠᠯ ᠪᠠ ᠨᠠᠩ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠᠷ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠤ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠬᠥᠮᠦᠨ ᠢ ᠬᠥᠮᠦᠵᠢᠭᠦᠯᠵᠦ᠂ ᠪᠥᠬᠦ ᠨᠡᠶᠢᠭᠡᠮ ᠢᠶᠠᠷ ᠢᠶᠠᠨ ᠪᠣᠯᠪᠠᠰᠤᠨ ᠤ ᠣᠶᠢᠯᠠᠭᠠᠭᠳᠠᠬᠤᠨ ᠢ ᠤᠬᠠᠮᠰᠠᠷ ᠠᠴᠠ ᠪᠠᠨ   ᠦᠢᠯᠡᠳᠦᠯᠬᠡᠵᠢᠬᠦᠯᠬᠦ ᠬᠡᠷᠡᠭᠲᠡᠶ ᠬᠡᠵᠦ ᠵᠢᠭᠠᠨ ᠭᠠᠷᠭᠠᠭᠰᠠᠨ ᠪᠠᠶᠢᠨ᠎ᠠ᠃ ᠶᠣᠰᠣᠯᠠᠯ ᠳᠡᠭᠡᠷ᠎ᠡ᠂  ᠵᠣᠣ ᠹᠸᠢ ᠫᠧᠩ᠂  ᠴᠧᠨ ᠶᠠᠨ ᠪᠦᠦ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠫᠠᠶᠢᠰᠠ  ᠎ ᠶᠢ ᠰᠡᠬᠦᠵᠦ᠂  ᠸᠠᠩ ᠸᠧᠶ ᠬᠤᠩ ᠠᠴᠠ ︽ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠪᠠᠶᠢᠭᠤᠯᠭ᠎ᠠ ᠨᠢᠭᠡᠴᠡ᠂ ᠪᠣᠯᠪᠠᠰᠤᠨ ᠬᠡᠷ ᠪᠦᠯᠢ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠪᠠ ᠪᠣᠯᠪᠠᠰᠤᠨ ᠨᠡᠶᠢᠭᠡᠮ ᠲᠣᠭᠤᠷᠢᠭ ᠢ ᠨᠡᠷᠡᠶᠢᠳᠦᠨ ᠬᠥᠬᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂  ᠵᠠᠰᠠᠭ ᠤᠨ ᠣᠷᠳᠣᠨ ᠤ ᠲᠣᠭᠲᠠᠭᠠᠯ︾᠎ ᠢ ᠤᠩᠰᠢᠨ ᠨᠡᠶᠢᠳᠡᠯᠡᠵᠦ   ᠵᠣᠣ ᠹᠸᠢ ᠫᠧᠩ᠂ ᠴᠧᠨ ᠶᠠᠨ ᠪᠦᠦ᠂  ᠯᠢ ᠵᠠᠨ ᠷᠦᠢ᠂  ᠶᠠᠩ ᠶᠢᠨ ᠮᠢᠩ  ᠎ ᠠᠴᠠ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ  ᠂ ᠳᠣᠯᠣᠳᠤᠭᠠᠷ ᠬᠤᠭᠤᠴᠠᠭᠠᠨ ᠤ ᠪᠣᠯᠪᠠᠰᠤᠨ ᠲᠣᠰᠬᠤᠨ ᠪᠠᠯᠭᠠᠰᠤ᠂ ᠭᠤᠷᠪᠠᠳᠤᠭᠠᠷ ᠬᠤᠭᠤᠴᠠᠭᠠᠨ ᠤ ᠪᠣᠯᠪᠠᠰᠤᠨ ᠬᠡᠷ ᠪᠦᠯᠢ ᠳᠤ ᠱᠠᠩᠨᠠᠯ ᠭᠠᠷᠳᠠᠭᠤᠯᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠭᠡᠯᠳᠡᠰ ᠤᠨ ᠲᠠᠷᠤᠭ᠎ᠠ ᠭᠡᠰᠢᠭᠳᠦ ᠶᠤᠰᠤᠯᠠᠯ ᠢ ᠡᠷᠬᠢᠯᠡᠵᠦ᠂  ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠰᠤᠮᠤ ᠰᠢᠶᠠᠩ ᠪᠠᠯᠭᠠᠰᠤ᠂  ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ᠂  ᠲᠠᠶᠢᠹᠤᠰᠧ ᠳᠤ ᠰᠠᠭᠤᠭ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ᠂ ᠶᠣᠰᠣ ᠰᠤᠷᠲᠠᠬᠤᠨ ᠤ ᠵᠢᠱᠢᠶᠡᠴᠢ᠂ ᠳᠡᠷᠭᠡᠳᠡᠬᠢ ᠰᠠᠶᠢᠨ ᠬᠥᠮᠦᠨ᠂ ᠪᠣᠯᠪᠠᠰᠤᠨ ᠬᠡᠷ ᠪᠦᠯᠢ ᠶᠢᠨ ᠬᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号