4 ᠰᠠᠷ᠎ᠠ ᠶᠢᠨ 10 ᠤ ᠡᠳᠦᠷ᠂ ᠯᠥᠸᠧ ᠲᠦᠸᠧ ᠱᠠᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ | ᠯᠥᠸᠧ ᠲᠦᠸᠧ ᠱᠠᠨ ᠲᠣᠰᠬᠤᠨ ᠤ ᠵᠡᠭᠦᠨ ᠠᠭᠤᠯᠠᠨ ᠳᠤ ᠵᠠᠷᠢᠮ ᠬᠥᠮᠥᠨ ᠲᠦᠷᠢᠮ ᠲᠣᠭᠲᠠᠭᠠᠯ ᠢ ᠵᠥᠷᠢᠴᠡᠨ ᠮᠠᠯ | ᠢᠶᠠᠨ ᠬᠤᠯᠠᠭᠠᠢ ᠪᠠᠷ ᠪᠡᠯᠴᠢᠭᠡᠷᠯᠡᠬᠦᠯᠵᠦ ᠪᠠᠶᠢᠬᠤ ᠶᠢ ᠤᠯᠵᠤ ᠮᠡᠳᠡᠭᠰᠡᠨ ᠪᠠᠶᠢᠨ᠎ᠠ᠃ ᠬᠠᠤᠯᠢ ᠬᠡᠷᠡᠭᠵᠢᠭᠦᠯᠬᠦ ᠠᠵᠢᠯᠲᠠᠨ | ᠬᠠᠤᠯᠢ ᠶᠣᠰᠣᠭᠠᠷ ᠬᠡᠷᠡᠭ ᠢ ᠰᠢᠢᠳᠪᠦᠷᠢᠯᠡᠬᠦ ᠳᠤ᠂ ᠲᠤᠰᠬᠤᠨ ᠤ ᠰᠠᠭᠤᠭᠠᠯᠢ ᠠᠷᠠᠳ ᠨᠢᠦ ᠣᠪᠣᠭᠲᠤ ᠪᠠᠯᠭᠠᠰᠤᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠠᠵᠢᠯᠯᠠᠬᠤ ᠭᠠᠵᠠᠷ ᠲᠤ ᠬᠦᠷᠴᠦ ᠬᠠᠤᠯᠢ ᠬᠡᠷᠡᠭᠵᠢᠭᠦᠯᠬᠦ | ᠠᠵᠢᠯᠲᠠᠨ ᠢ ᠢᠯᠡ ᠪᠠᠷ ᠬᠠᠷᠢᠶᠠᠨ ᠳᠣᠷᠣᠮᠵᠢᠯᠠᠵᠤ ᠭᠡᠷᠡᠭ ᠡᠳᠦᠵᠦ ᠮᠠᠭᠤ ᠨᠥᠯᠥᠭᠡ ᠭᠠᠷᠭᠠᠭᠰᠠᠨ ᠪᠠᠶᠢᠨ᠎ᠠ᠃ ᠬᠠᠤᠯᠢ | ᠬᠡᠷᠡᠭᠵᠢᠭᠦᠯᠬᠦ ᠠᠵᠢᠯᠲᠠᠨ ᠲᠡᠷᠡ ᠳᠠᠷᠤᠢ ᠳᠤᠨᠢ ᠴᠠᠭᠳᠠᠭ᠎ᠠ ᠳᠤ ᠮᠡᠳᠡᠭᠦᠯᠦᠭᠰᠡᠨ ᠳᠤ᠂ ᠪᠠᠯᠭᠠᠰᠤᠨ ᠤ ᠲᠣᠮᠢᠯᠠᠭᠰᠠᠨ | ᠰᠠᠯᠪᠤᠷᠢ ᠶᠢᠨ ᠬᠢᠨ ᠦᠳᠲᠡᠷ ᠲᠦᠷᠭᠡᠨ ᠲᠤᠬᠠᠢ ᠶᠢᠨ ᠲᠠᠯᠠᠪᠤᠷ ᠲᠤ ᠬᠦᠷᠴᠦ᠂ ᠭᠡᠷᠡᠴᠢ ᠪᠠᠷᠢᠮᠲᠠ ᠶᠢ ᠪᠠᠶᠢᠴᠠᠭᠠᠨ | ᠨᠤᠳᠠᠯᠠᠭᠰᠠᠨ ᠤ ᠲᠠᠷᠠᠭ᠎ᠠ ᠲᠤᠰ ᠣᠷᠣᠢ ᠨᠢ ᠨᠢᠦ ᠣᠪᠣᠭᠲᠤ ᠳᠤ 10 ᠡᠳᠦᠷ ᠲᠦᠷ ᠬᠤᠷᠢᠬᠤ ᠰᠢᠳᠭᠡᠯ ᠤᠨᠤᠭᠠᠵᠠᠢ | ᠃ ᠳᠠᠷᠠᠭᠠᠴᠢ ᠪᠠᠷ᠂ ᠯᠦᠸᠧ ᠲᠦᠸᠧ ᠱᠠᠨ ᠪᠠᠯᠭᠠᠰᠤ ᠨᠢ ᠬᠠᠤᠯᠢ ᠬᠡᠷᠡᠭᠵᠢᠭᠦᠯᠬᠦ ᠬᠦᠴᠦᠨ ᠢᠶᠠᠨ ᠦᠷᠭᠦᠯᠵᠢᠯᠡᠨ | ᠨᠡᠶᠢᠳᠬᠡᠵᠦ᠂ ᠭᠤᠣᠯᠳᠠᠯᠭ᠎ᠠ ᠲᠠᠢ ᠭᠠᠵᠠᠷ ᠣᠷᠣᠨ ᠳᠤ ᠪᠠᠶᠢᠩᠭᠤ ᠶᠢᠨ ᠴᠢᠨᠠᠷᠳᠠᠢ ᠪᠠᠶᠢᠴᠠᠭᠠᠯᠲᠠ ᠦᠷᠨᠢᠬᠦᠯᠦᠨ᠂ ︽ | ᠥᠷᠯᠥᠭᠡ ᠦᠳᠡᠰᠢ︾ ᠶᠢᠨ ᠲᠣᠭᠤᠷᠢᠨ ᠪᠠᠶᠢᠴᠠᠭᠠᠬᠤ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠴᠢᠩᠭ᠎ᠠ | ᠳᠠᠷᠤᠯᠲᠠ ᠦᠵᠡᠭᠦᠯᠬᠦ ᠪᠠᠶᠢᠳᠠᠯ ᠢ ᠢᠮᠠᠭᠲᠠ ᠪᠠᠳᠤᠯᠠᠨ᠂ ᠲᠦᠷᠢᠮ ᠲᠣᠭᠲᠠᠭᠠᠯ ᠠᠴᠠ ᠵᠥᠷᠢᠴᠡᠨ ᠪᠡᠯᠴᠢᠭᠡᠷᠯᠡᠬᠦᠯᠬᠦ᠂ | ᠰᠥᠨᠢ ᠤᠷᠤᠢ ᠬᠤᠯᠠᠭᠠᠶᠢᠯᠠᠨ ᠪᠡᠯᠴᠢᠭᠡᠷᠯᠡᠬᠦᠯᠬᠦ᠂ ᠮᠠᠯ ᠤᠨᠤᠭ᠎ᠠ ᠪᠠᠨ ᠭᠠᠷᠭᠠᠵᠤ ᠣᠶ ᠰᠢᠭᠤᠢ ᠶᠢ ᠡᠪᠳᠡᠬᠦ ᠵᠡᠷᠭᠡ | ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠬᠠᠮᠲᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ | ᠥᠷᠭᠡᠨ ᠣᠯᠠᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ | ᠲᠣᠭᠲᠠᠭᠠᠯ ᠢ ᠰᠠᠬᠢᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠬᠦᠴᠦᠨ ᠢᠶᠠᠷ ᠰᠠᠶᠢᠨ ᠬᠢᠬᠦ ᠪᠠᠷ | ᠪᠠᠶᠢᠨ᠎ᠠ᠃ |