ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠤᠯᠢ ᠶᠣᠰᠣᠭᠠᠷ ᠪᠠᠲᠤᠯᠠᠵᠤ᠂ | ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠪᠠ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠵᠥᠷᠢᠴᠡᠯ ᠢ ᠦᠨᠡᠨ ᠬᠦ ᠨᠠᠮᠳᠠᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠣᠯᠠᠨ | ᠲᠦᠮᠡᠨ ᠤ ᠢᠳᠡᠪᠬᠢᠵᠢᠯ ᠢ ᠴᠢᠩᠭᠠᠷᠠᠭᠤᠯᠬᠤ ᠪᠤᠰᠤᠳᠴᠢ ᠬᠡᠷᠡᠭᠴᠡᠭᠡ ᠠᠴᠠ ᠡᠭᠦᠰᠴᠦ᠂ ᠣᠶᠢᠷ᠎ᠠ ᠳᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ | ᠬᠥᠨᠥᠭᠡᠯ ᠳᠤ ᠨᠥᠬᠦᠪᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2023﹈ 8 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ | ᠨᠡᠶᠢᠭᠡᠮ ᠨᠡᠶᠢᠲᠡ ᠪᠠᠷ ᠢᠶᠠᠨ ︽ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ | ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠣᠶᠢᠷ᠎ᠠ ᠶᠢᠨ ᠵᠢᠯ ᠤᠳ ᠲᠤ᠂ ᠪᠠᠶᠢᠭᠠᠯᠢ ᠶᠢᠨ ᠣᠶ ᠰᠢᠭᠤᠢ ᠶᠢ ᠬᠠᠮᠠᠭᠠᠯᠠᠬᠤ᠂ ᠬᠡᠭᠡᠷ᠎ᠡ ᠶᠢᠨ ᠠᠮᠢᠲᠠᠨ | ᠤᠷᠭᠤᠮᠠᠯ ᠢ ᠬᠠᠮᠠᠭᠠᠯᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠶᠢ ᠳᠠᠭᠠᠯᠳᠤᠨ᠂ ᠪᠥᠬᠦ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠬᠡᠭᠡᠷ᠎ᠡ ᠶᠢᠨ ᠠᠮᠢᠲᠠᠨ ᠤ | ᠳᠦᠷᠰᠦ ᠶᠢᠨ ᠰᠦᠷᠦᠭ ᠪᠠ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠪᠡ᠃ ᠡᠭᠦᠨ ᠤ ᠳᠠᠭᠠᠤ ᠳᠤ ᠬᠡᠭᠡᠷ᠎ᠡ ᠶᠢᠨ | ᠠᠮᠢᠲᠠᠨ ᠤ ᠠᠵᠢᠯᠯᠠᠭᠠᠨ ᠤ ᠬᠡᠪᠴᠢᠶ᠎ᠡ ᠪᠠ ᠢᠳᠡᠰᠢᠯᠡᠬᠦ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠬᠡᠭᠡᠷ᠎ᠡ ᠶᠢᠨ | ᠠᠮᠢᠲᠠᠨ ᠤ ᠲᠠᠷᠢᠶ᠎ᠠ ᠲᠥᠮᠥᠰᠥ ᠶᠢ ᠬᠤᠬᠢᠷᠠᠭᠤᠯᠬᠤ᠂ ᠣᠶ ᠮᠣᠳᠣ ᠶᠢ ᠡᠪᠳᠡᠬᠦ ᠵᠡᠷᠭᠡ ᠬᠡᠷᠡᠭ ᠪᠠᠶᠢᠨ ᠳᠠᠬᠢᠨ ᠡᠭᠦᠰᠴᠦ | ᠂ ᠴᠢᠨᠠᠭᠰᠢᠯᠠᠪᠠᠯ ᠠᠷᠠᠳ ᠣᠯᠠᠨ ᠤ ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠵᠦ ᠪᠠᠶᠢᠨ᠎ᠠ᠃ 2020 ᠣᠨ ᠳᠤ᠂ | ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠬᠡᠭᠡᠷ᠎ᠡ ᠶᠢᠨ | ᠠᠮᠢᠲᠠᠨ ᠢ ᠳᠤᠷ᠎ᠠ ᠪᠠᠷ ᠢᠶᠠᠨ ᠢᠳᠡᠬᠦ ᠪᠣᠯᠬᠢ ᠳᠠᠳᠬᠠᠯ ᠢ ᠠᠷᠢᠯᠭᠠᠵᠤ᠂ ᠠᠷᠠᠳ ᠤᠯᠠᠨ ᠤ ᠠᠮᠢ ᠨᠠᠰᠤ ᠡᠷᠡᠭᠦᠯ | ᠮᠡᠨᠳᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠲᠤᠬᠠᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ | ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ︽ᠲᠣᠭᠲᠠᠭᠠᠯ︾ ᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠲᠡᠵᠢᠭᠡᠨ | ᠦᠷᠡᠵᠢᠭᠦᠯᠬᠦ ᠠᠵᠤ ᠦᠢᠯᠡᠰ ᠤᠨ ᠤᠬᠤᠷᠢᠨ ᠭᠠᠷᠴᠤ ᠰᠢᠯᠵᠢᠭᠦᠯᠦᠨ ᠥᠭᠬᠦ ᠪᠠ ᠲᠡᠵᠢᠭᠡᠵᠦ ᠪᠠᠶᠢᠭ᠎ᠠ ᠠᠮᠢᠲᠠᠨ ᠢ | ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠪᠥᠬᠦ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠪᠠ ᠠᠰᠢᠭᠯᠠᠬᠤ ᠠᠵᠢᠯᠯᠠᠭ᠎ᠠ ᠶᠢ ᠵᠢᠷᠤᠮᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤ | ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠢ | ᠬᠠᠮᠠᠭᠠᠯᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃ | ᠬᠤᠶᠠᠷ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ | ᠶᠢᠨ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠦᠨᠳᠦᠰᠦᠯᠡᠪᠡᠯ᠄ ︽ᠤᠯᠤᠰ ᠤᠨ | ᠭᠤᠣᠯᠳᠠᠯᠭ᠎ᠠ ᠲᠠᠢ ᠬᠠᠮᠠᠭᠠᠯᠠᠵᠤ ᠪᠠᠶᠢᠭ᠎ᠠ ᠬᠡᠭᠡᠷ᠎ᠡ ᠶᠢᠨ ᠠᠮᠢᠲᠠᠨ ᠪᠠ ᠠᠮᠢ ᠠᠬᠤᠢ ᠶᠢᠨ᠂ ᠰᠢᠨᠵᠢᠯᠡᠬᠦ ᠤᠬᠠᠭᠠᠨ ᠤ᠂ | ᠨᠡᠶᠢᠭᠡᠮ ᠤᠨ ᠴᠢᠬᠤᠯᠠ ᠦᠨ᠎ᠡ ᠦᠷᠲᠡᠭ ᠪᠦᠬᠦᠢ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ | ᠪᠣᠯᠵᠤ ᠬᠥᠮᠥᠨ ᠦᠬᠦᠵᠦ ᠰᠢᠷᠬᠠᠲᠤᠬᠤ᠂ ᠲᠠᠷᠢᠮᠠᠯ ᠪᠤᠶᠤ ᠪᠤᠰᠤᠳ ᠡᠳ᠋ ᠬᠥᠷᠥᠩᠭᠡ ᠳᠤ ᠬᠤᠬᠢᠷᠠᠯ | ᠤᠴᠠᠷᠠᠭᠤᠯᠤᠭᠰᠠᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠨᠥᠬᠦᠪᠦᠷᠢ ᠣᠯᠭᠤᠨ᠎ᠠ | ᠃ ᠪᠣᠳᠠᠲᠠᠢ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠲᠣᠭᠲᠠᠭᠠᠨ᠎ᠠ︾ ᠭᠡᠵᠦ ᠲᠣᠭᠲᠠᠭᠠᠵᠠᠢ᠃ ᠡᠨᠡ ᠬᠦ ᠲᠣᠭᠲᠠᠭᠠᠯ ᠨᠢ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ︽ᠠᠷᠭ᠎ᠠ︾ ᠶᠢᠨ ᠬᠠᠤᠯᠢ ᠴᠠᠭᠠᠵᠠ ᠶᠢᠨ ᠦᠨᠳᠦᠰᠦᠯᠡᠯ ᠪᠣᠯᠬᠤ ᠪᠠᠷ ᠪᠠᠷᠠᠬᠤ ᠦᠭᠡᠢ᠂ | ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠃ | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠳᠤ ᠨᠡᠶᠢᠲᠡ 17 ᠵᠦᠢᠯ ᠪᠠᠶᠢᠵᠤ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ | ᠪᠠᠭᠲᠠᠭᠠᠨ᠎ᠠ᠄ ᠨᠢᠭᠡ ᠳᠤ᠂ ᠨᠥᠬᠦᠪᠦᠷᠢ ᠣᠯᠭᠤᠬᠤ ᠭᠤᠣᠯ ᠴᠣᠭᠴᠠ ᠶᠢ ᠲᠣᠳᠣᠷᠬᠠᠶᠢᠯᠠᠪᠠ᠃ ︽ᠠᠷᠭ᠎ᠠ︾ ᠳᠤ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠭᠡᠷ᠎ᠡ ᠶᠢᠨ | ᠠᠮᠢᠲᠠᠨ ᠤ ᠤᠴᠠᠷᠠᠭᠤᠯᠤᠭᠰᠠᠨ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠰᠦᠢᠳᠦᠯ ᠢ | ᠬᠢᠨᠠᠨ ᠬᠠᠷᠭᠤᠭᠤᠯᠬᠤ᠂ ᠮᠠᠭᠠᠳᠯᠠᠨ ᠲᠣᠭᠲᠠᠭᠠᠬᠤ᠂ ᠨᠥᠬᠦᠪᠦᠷᠢ ᠣᠯᠭᠤᠬᠤ ᠠᠵᠢᠯ ᠢ ᠬᠠᠷᠢᠭᠤᠴᠠᠨ᠎ᠠ᠃ ᠰᠢᠶᠠᠩ ︵ | ᠪᠠᠯᠭᠠᠰᠤ᠂ ᠰᠤᠮᠤ︶ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠠᠴᠠ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ ᠪᠠᠶᠢᠳᠠᠯ ᠢ ᠪᠠᠶᠢᠴᠠᠭᠠᠬᠤ ᠠᠵᠢᠯ ᠢ | ᠰᠠᠶᠢᠲᠤᠷ ᠬᠢᠵᠦ᠂ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠠᠴᠠ ᠬᠠᠮᠵᠢᠯᠴᠠᠨ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠬᠦ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ᠂ ᠬᠡᠭᠡᠷ᠎ᠡ ᠶᠢᠨ ᠠᠮᠢᠲᠠᠨ ᠤ ᠤᠴᠠᠷᠠᠭᠤᠯᠤᠭᠰᠠᠨ ᠬᠤᠬᠢᠷᠠᠯ ᠢ ᠪᠠᠶᠢᠴᠠᠭᠠᠬᠤ᠂ ᠨᠤᠲᠠᠯᠠᠬᠤ ᠵᠡᠷᠭᠡ ᠨᠥᠬᠦᠪᠦᠷᠢ | ᠣᠯᠭᠤᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠭᠡᠵᠦ ᠲᠣᠭᠲᠠᠭᠠᠵᠠᠢ᠃ ᠬᠤᠶᠠᠷ ᠲᠤ᠂ | ᠨᠥᠬᠦᠪᠦᠷᠢ ᠣᠯᠭᠤᠬᠤ ᠬᠡᠪᠴᠢᠶ᠎ᠡ ᠶᠢ ᠲᠣᠳᠣᠷᠬᠠᠶᠢᠯᠠᠪᠠ᠃ ᠠᠷᠠᠳ ᠢᠷᠭᠡᠳ ᠤᠨ ᠪᠡᠶ᠎ᠡ ᠮᠠᠬᠠᠪᠤᠳ ᠢ ᠭᠡᠮᠲᠦᠭᠡᠭᠰᠡᠨ | ᠪᠤᠶᠤ ᠠᠷᠠᠳ ᠢᠷᠭᠡᠳ ᠢ ᠦᠬᠦᠭᠦᠯᠦᠭᠰᠡᠨ︔ ᠬᠠᠰᠢᠶᠠᠯᠠᠨ ᠲᠡᠵᠢᠭᠡᠭᠰᠡᠨ ᠪᠤᠶᠤ ᠬᠠᠤᠯᠢ ᠶᠣᠰᠣᠭᠠᠷ ᠵᠠᠭᠠᠭᠯᠠᠨ | ᠲᠣᠭᠲᠠᠭᠠᠭᠰᠠᠨ ᠣᠷᠣᠨ ᠬᠡᠪᠴᠢᠶᠡᠨ ᠳᠣᠲᠣᠷ᠎ᠠ ᠪᠡᠯᠴᠢᠭᠡᠷᠯᠡᠭᠦᠯᠵᠦ ᠪᠠᠶᠢᠭᠰᠠᠨ ᠮᠠᠯ ᠵᠢᠭᠦᠷᠲᠡᠨ ᠢ | ᠰᠢᠷᠬᠠᠲᠤᠭᠤᠯᠤᠭᠰᠠᠨ ᠪᠤᠶᠤ ᠦᠬᠦᠭᠦᠯᠦᠭᠰᠡᠨ︔ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠣᠷᠣᠨ ᠬᠡᠪᠴᠢᠶᠡᠨ | ᠳᠣᠲᠣᠷ᠎ᠠ ᠳᠠᠷᠢᠭᠰᠠᠨ ᠲᠠᠷᠢᠮᠠᠯ᠂ ᠠᠵᠤ ᠠᠬᠤᠢ ᠶᠢᠨ ᠤᠢ ᠮᠣᠳᠣ ᠵᠡᠷᠭᠡ ᠳᠤ ᠰᠢᠭᠤᠳ ᠬᠤᠬᠢᠷᠠᠯ ᠤᠴᠠᠷᠠᠭᠤᠯᠤᠭᠰᠠᠨ | ︔ ᠤᠯᠠᠨ ᠲᠦᠮᠡᠨ ᠤ ᠡᠳᠦᠷ ᠲᠤᠳᠤᠮ ᠤᠨ ᠰᠠᠭᠤᠵᠤ ᠪᠠᠶᠢᠭ᠎ᠠ ᠭᠡᠷ ᠪᠠᠶᠢᠰᠢᠩ᠂ ᠭᠡᠷ ᠤᠨ ᠬᠡᠷᠡᠭᠰᠡᠯ᠂ ᠮᠠᠯ ᠤᠨ | ᠬᠠᠰᠢᠶ᠎ᠠ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠳᠤ ᠬᠤᠬᠢᠷᠠᠯ ᠤᠴᠠᠷᠠᠭᠤᠯᠤᠭᠰᠠᠨ︔ ᠬᠤᠰᠢᠭᠤ | ᠰᠢᠶᠠᠨ ︵ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠨᠤᠲᠠᠯᠠᠨ ᠲᠣᠭᠲᠠᠭᠠᠭᠰᠠᠨ ᠪᠤᠰᠤᠳ ᠪᠠᠶᠢᠳᠠᠯ᠃ ᠭᠤᠷᠪᠠ ᠳᠤ | ᠂ ᠨᠥᠬᠦᠪᠦᠷᠢ ᠣᠯᠭᠤᠬᠤ ᠪᠠᠷᠢᠮᠵᠢᠶ᠎ᠠ ᠶᠢ ᠲᠣᠳᠣᠷᠬᠠᠶᠢᠯᠠᠪᠠ᠃ ᠬᠥᠮᠥᠨ ᠢ ᠰᠢᠷᠬᠠᠲᠤᠭᠤᠯᠤᠭᠰᠠᠨ ᠪᠣᠯᠪᠠᠴᠤ | ᠬᠥᠳᠡᠯᠮᠦᠷᠢᠯᠡᠬᠦ ᠴᠢᠳᠠᠪᠤᠷᠢ ᠶᠢ ᠨᠢ ᠠᠯᠳᠠᠭᠤᠯᠤᠭᠰᠠᠨ ᠦᠭᠡᠢ ᠪᠣᠯ᠂ ᠡᠮᠴᠢᠯᠡᠭᠡᠨ ᠤ ᠵᠠᠷᠤᠳᠠᠯ ᠵᠢᠴᠢ ᠠᠵᠢᠯ | ᠰᠠᠭᠠᠲᠠᠭᠰᠠᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠨᠢ ᠲᠥᠯᠥᠵᠦ᠂ ᠨᠥᠬᠦᠪᠦᠷᠢ ᠮᠥᠩᠭᠦ ᠶᠢᠨ ᠬᠠᠮᠤᠭ ᠤᠨ | ᠥᠨᠳᠥᠷ ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ | ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔ ᠬᠥᠮᠥᠨ ᠤ | ᠬᠥᠳᠡᠯᠮᠦᠷᠢᠯᠡᠬᠦ ᠴᠢᠳᠠᠪᠤᠷᠢ ᠶᠢ ᠬᠡᠰᠡᠭ ᠲᠠᠯ᠎ᠠ ᠪᠠᠷ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ | ᠤᠳᠠᠭ᠎ᠠ ᠶᠢᠨ ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ | ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠶᠢᠨ 5 ᠠᠴᠠ 10 ᠳᠠᠬᠢᠨ ᠢᠶᠠᠷ ᠪᠤᠳᠤᠨ᠎ᠠ︔ ᠬᠥᠮᠥᠨ ᠤ ᠬᠥᠳᠡᠯᠮᠦᠷᠢᠯᠡᠬᠦ | ᠴᠢᠳᠠᠪᠤᠷᠢ ᠶᠢ ᠪᠦᠬᠦᠨ ᠢ ᠠᠯᠳᠠᠭᠤᠯᠤᠭᠰᠠᠨ ᠪᠣᠯ᠂ ᠡᠮᠴᠢᠯᠡᠭᠡᠨ ᠤ ᠵᠠᠷᠤᠳᠠᠯ ᠵᠢᠴᠢ ᠨᠢᠭᠡ ᠯᠡ ᠤᠳᠠᠭ᠎ᠠ ᠶᠢᠨ | ᠴᠢᠨᠠᠷᠲᠠᠢ ᠨᠥᠬᠦᠪᠦᠷᠢ ᠮᠥᠩᠭᠦ ᠥᠭᠴᠦ᠂ ᠨᠥᠬᠦᠪᠦᠷᠢ ᠮᠥᠩᠭᠦ ᠶᠢᠨ ᠬᠠᠮᠤᠭ ᠤᠨ ᠥᠨᠳᠥᠷ ᠲᠤᠭ᠎ᠠ ᠶᠢ ᠳᠡᠭᠡᠷ᠎ᠡ | ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ | ᠪᠣᠯᠬᠤᠶᠢᠴᠠ ᠣᠷᠣᠯᠭ᠎ᠠ ᠶᠢᠨ 10 ᠠᠴᠠ 15 ᠳᠠᠬᠢᠨ ᠢᠶᠠᠷ ᠪᠣᠳᠣᠨ᠎ᠠ︔ ᠬᠥᠮᠥᠨ ᠢ ᠦᠬᠦᠭᠦᠯᠦᠭᠰᠡᠨ ᠪᠣᠯ᠂ | ᠡᠮᠴᠢᠯᠡᠭᠡᠨ ᠤ ᠵᠠᠷᠤᠳᠠᠯ ᠵᠢᠴᠢ ᠨᠥᠬᠦᠪᠦᠷᠢ ᠮᠥᠩᠭᠦ᠂ ᠣᠷᠣᠰᠢᠭᠤᠯᠭ᠎ᠠ ᠶᠢᠨ ᠵᠠᠷᠤᠳᠠᠯ ᠢ ᠨᠢ ᠥᠭᠴᠦ᠂ ᠶᠡᠷᠦᠩᠬᠡᠢ | ᠲᠤᠭ᠎ᠠ ᠶᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ | ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 15 ᠳᠠᠬᠢᠨ ᠢᠶᠠᠷ ᠪᠤᠳᠤᠨ᠎ᠠ᠃ ᠲᠠᠷᠢᠮᠠᠯ᠂ ᠠᠵᠤ ᠠᠬᠤᠢ ᠶᠢᠨ | ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠣᠯ᠂ ᠬᠤᠬᠢᠷᠠᠯ ᠤᠨ ᠬᠡᠰᠡᠭ ᠢ ᠳᠡᠭᠡᠷ᠎ᠡ ᠵᠢᠯ ᠤᠨ ᠲᠤᠬᠠᠢ ᠶᠢᠨ | ᠭᠠᠵᠠᠷ ᠤᠨ ᠳᠤᠰ ᠳᠦᠷᠦᠯ ᠤᠨ ᠲᠠᠷᠢᠮᠠᠯ᠂ ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ | ᠦᠨ᠎ᠡ ᠪᠠᠷ ᠪᠤᠳᠤᠵᠤ᠂ ᠪᠦᠬᠦ ᠬᠤᠬᠢᠷᠠᠯ ᠤᠨ 60% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ | ᠲᠡᠵᠢᠭᠡᠪᠦᠷᠢ ᠶᠢ ᠰᠢᠷᠬᠠᠲᠤᠭᠤᠯᠤᠭᠰᠠᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ | ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢᠨ 30% ᠪᠠᠷ ᠨᠥᠬᠦᠪᠦᠷᠢᠯᠡᠨ᠎ᠡ︔ ᠭᠡᠷ ᠤᠨ | ᠵᠢᠭᠦᠷᠲᠡᠨ ᠭᠡᠷ ᠤᠨ ᠲᠡᠵᠢᠭᠡᠪᠦᠷᠢ ᠶᠢ ᠦᠬᠦᠭᠦᠯᠦᠭᠰᠡᠨ ᠪᠣᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ | ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠶᠢᠨ 60% ᠪᠠᠷ | ᠨᠥᠬᠦᠪᠦᠷᠢᠯᠡᠨ᠎ᠡ᠃ ᠳᠥᠷᠪᠡ ᠳᠤ᠂ ᠨᠥᠬᠦᠪᠦᠷᠢ ᠣᠯᠭᠤᠬᠤ ᠴᠤᠪᠤᠷᠠᠯ ᠢ ᠲᠣᠳᠣᠷᠬᠠᠶᠢᠯᠠᠪᠠ᠃ ᠬᠤᠬᠢᠷᠠᠯ ᠠᠮᠰᠠᠭᠴᠢ | ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠬᠤᠬᠢᠷᠠᠯ ᠡᠭᠦᠰᠦᠭᠰᠡᠨ ᠭᠠᠵᠠᠷ ᠤᠨ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠴᠠᠭ | ᠲᠤᠬᠠᠢ ᠳᠤ ᠨᠢ ᠮᠡᠳᠡᠭᠦᠯᠬᠦ ᠶᠢᠨ ᠬᠠᠮᠲᠤ᠂ ᠲᠤᠬᠠᠢ ᠶᠢᠨ ᠲᠠᠯᠠᠪᠤᠷ ᠢ ᠬᠠᠮᠠᠭᠠᠯᠠᠵᠤ ᠬᠢᠨᠠᠨ ᠪᠠᠶᠢᠴᠠᠭᠠᠬᠤ ᠳᠤ ᠪᠡᠯᠡᠳᠬᠡᠬᠦ | ᠬᠡᠷᠡᠭᠲᠡᠢ᠃ ᠬᠥᠮᠥᠨ ᠢ ᠦᠬᠦᠭᠦᠯᠵᠦ ᠰᠢᠷᠬᠠᠲᠤᠭᠤᠯᠤᠭᠰᠠᠨ ᠳᠤ ᠨᠥᠬᠦᠪᠦᠷᠢ ᠠᠪᠬᠤ ᠪᠠᠷ ᠭᠤᠶᠤᠴᠢᠯᠠᠭᠰᠠᠨ ᠪᠣᠯ᠂ | ᠲᠦᠷᠭᠡᠨ ᠠᠪᠤᠷᠠᠯᠲᠠ ᠳᠠᠭᠤᠰᠤᠭᠰᠠᠨ ᠤ ᠳᠠᠷᠠᠭᠠᠬᠢ 60 ᠡᠳᠦᠷ ᠤᠨ ᠳᠣᠲᠣᠷ᠎ᠠ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠡᠪᠰᠢᠭᠦᠯᠬᠦ ᠬᠡᠷᠡᠭᠲᠡᠢ︔ | ᠡᠳ᠋ ᠬᠥᠷᠥᠩᠭᠡ ᠶᠢᠨ ᠬᠤᠬᠢᠷᠠᠯ ᠢᠶᠠᠨ ᠳᠥᠯᠥᠭᠦᠯᠬᠦ ᠪᠠᠷ ᠭᠤᠶᠤᠴᠢᠯᠠᠭᠰᠠᠨ ᠪᠣᠯ᠂ ᠡᠳ᠋ ᠬᠥᠷᠥᠩᠭᠡ ᠶᠢᠨ ᠬᠤᠬᠢᠷᠠᠯ | ᠡᠭᠦᠰᠦᠭᠰᠡᠨ ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠳᠡᠪᠰᠢᠭᠦᠯᠬᠦ ᠬᠡᠷᠡᠭᠲᠡᠢ᠃ | ᠳᠥᠷᠪᠡ᠂ ᠲᠤᠭᠤᠰᠢᠯᠠᠭᠤᠯᠬᠤ ᠠᠷᠭ᠎ᠠ ᠬᠡᠮᠵᠢᠶ᠎ᠡ | ︽ᠠᠷᠭ᠎ᠠ︾ ᠶᠢ ᠨᠡᠶᠢᠲᠡᠯᠡᠨ ᠬᠡᠷᠡᠭᠵᠢᠭᠦᠯᠦᠭᠰᠡᠨ ᠨᠢ ︽ᠬᠥᠮᠥᠨ ᠢᠶᠠᠷ ᠦᠨᠳᠦᠰᠦ ᠪᠣᠯᠭᠠᠬᠤ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ ᠬᠠᠮᠠᠭᠠᠯᠠᠬᠤ︾ ᠬᠠᠭᠤᠷᠠᠢ ᠳᠡᠭᠡᠷᠡᠬᠢ ᠬᠡᠭᠡᠷ᠎ᠡ ᠶᠢᠨ | ᠠᠮᠢᠲᠠᠨ ᠢ ᠵᠠᠰᠠᠬᠤ ᠣᠨᠣᠯᠵᠢᠬᠤᠨ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠲᠣᠭᠲᠠᠯᠴᠠᠭ᠎ᠠ ᠶᠢ ᠪᠦᠷᠢᠨᠰᠢᠭᠦᠯᠬᠦ᠂ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠬᠤ᠂ ᠠᠷᠠᠳ ᠣᠯᠠᠨ ᠤ ᠪᠡᠶ᠎ᠡ ᠮᠠᠬᠠᠪᠤᠳ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠤᠯᠢ ᠶᠣᠰᠣᠭᠠᠷ ᠪᠠᠲᠤᠯᠠᠬᠤ ᠵᠡᠷᠭᠡ ᠲᠠᠯ᠎ᠠ ᠪᠠᠷ ᠴᠥᠮ ᠲᠦᠢᠯ ᠤᠨ | ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠳᠣᠣᠷᠠᠬᠢ ᠬᠡᠳᠦᠨ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ᠃ ᠨᠢᠭᠡ ᠳᠤ᠂ ᠤᠬᠠᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠣᠯᠠᠨ ᠵᠦᠢᠯ ᠤᠨ ᠵᠠᠭᠤᠴᠢᠯᠠᠭᠤᠷ ᠢ ᠠᠰᠢᠭᠯᠠᠨ ︽ᠠᠷᠭ᠎ᠠ︾ ᠶᠢᠨ ᠲᠤᠬᠠᠢ ᠤᠬᠠᠭᠤᠯᠬᠤ᠂ | ᠲᠠᠶᠢᠯᠤᠮᠵᠢ ᠬᠢᠬᠦ ᠶᠢ ᠴᠢᠩᠭᠠᠳᠬᠠᠵᠤ᠂ ᠢᠯᠠᠩᠭᠤᠶ᠎ᠠ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠨᠥᠭᠡᠯ | ᠤᠴᠠᠷᠠᠭᠤᠯᠬᠤ ᠠᠶᠤᠯ ᠲᠦᠭᠰᠢᠭᠦᠷᠢ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠣᠷᠣᠨ ᠬᠡᠪᠴᠢᠶᠡᠨ ᠳᠣᠲᠣᠷᠠᠬᠢ | ᠠᠷᠠᠳ ᠣᠯᠠᠨ ᠳᠤ ︽ᠠᠷᠭ᠎ᠠ︾ ᠶᠢᠨ ᠠᠭᠤᠯᠭ᠎ᠠ ᠶᠢ ᠠᠯᠢ ᠲᠦᠷᠭᠡᠨ ᠢᠶᠠᠷ ᠣᠶᠢᠯᠠᠭᠠᠭᠤᠯᠵᠤ᠂ ᠬᠥᠨᠥᠭᠡᠯ | ᠤᠴᠠᠷᠠᠭᠤᠯᠤᠭᠰᠠᠨ ᠳᠤ ᠨᠥᠬᠦᠪᠦᠷᠢ ᠣᠯᠭᠤᠬᠤ ᠴᠤᠪᠤᠷᠠᠯ ᠢ ᠣᠶᠢᠯᠠᠭᠠᠭᠤᠯᠵᠤ᠂ ᠲᠣᠰ ᠪᠡᠶ᠎ᠡ ᠶᠢᠨ ᠡᠷᠬᠡ ᠠᠰᠢᠭ ᠢ ᠨᠢ | ᠨᠠᠩ ᠰᠠᠶᠢᠲᠤᠷ ᠬᠠᠮᠠᠭᠠᠯᠠᠭᠤᠯᠤᠨ᠎ᠠ᠃ ᠬᠤᠶᠠᠷ ᠲᠤ᠂ ᠴᠤᠪᠤᠷᠠᠯ ᠢ ᠨᠠᠷᠢᠯᠢᠭᠵᠢᠭᠤᠯᠤᠨ ᠵᠢᠷᠤᠮᠵᠢᠭᠤᠯᠤᠨ᠎ᠠ᠃ ︽ | ᠠᠷᠭ᠎ᠠ︾ ᠶᠢᠨ ᠲᠣᠭᠲᠠᠭᠠᠯ ᠶᠣᠰᠣᠭᠠᠷ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠠᠷᠠᠳ ᠲᠤ ᠲᠥᠬᠦᠮ | ᠦᠵᠡᠭᠦᠯᠵᠦ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠣᠭᠲᠠᠭᠠᠨ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠨ᠎ᠠ᠃ ᠭᠤᠷᠪᠠ ᠳᠤ᠂ ᠠᠷᠭ᠎ᠠ ᠬᠡᠮᠵᠢᠶ᠎ᠡ ᠶᠢ ᠢᠵᠢ | ᠪᠦᠷᠢᠳᠦᠭᠦᠯᠦᠨ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠴᠠ ᠳᠠᠭᠠᠳᠬᠠᠯ ᠤᠨ | ᠪᠠᠶᠢᠭᠤᠯᠤᠮᠵᠢ ᠯᠤᠭ᠎ᠠ ᠨᠡᠪᠲᠡᠷᠡᠯᠴᠡᠵᠦ ᠵᠣᠯᠭᠠᠭᠤᠯᠬᠤ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ | ᠳᠠᠭᠠᠳᠬᠠᠯ ᠤᠨ ᠪᠠᠶᠢᠭᠤᠯᠤᠮᠵᠢ ᠶᠢᠨ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠤ ᠬᠥᠮᠥᠨ ᠤ ᠪᠡᠶ᠎ᠡ ᠡᠳ᠋ | ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ | ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠠᠬᠢᠭᠤᠯᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ | ᠠᠮᠢᠲᠠᠨ ᠤ ᠤᠴᠠᠷᠠᠭᠤᠯᠤᠭᠰᠠᠨ ᠬᠤᠬᠢᠷᠠᠯ ᠤᠨ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠬᠢᠷᠠᠯ ᠳᠤ | ᠤᠴᠠᠷᠠᠭᠰᠠᠨ ᠨᠢᠭᠡᠴᠢ ᠵᠢᠴᠢ ᠣᠯᠠᠨ ᠲᠦᠮᠡᠨ ᠤ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠨ᠎ᠠ᠃ | ᠭᠤᠣᠯᠳᠠᠯᠭ᠎ᠠ ᠲᠠᠢ ᠬᠠᠮᠠᠭᠠᠯᠠᠬᠤ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠠᠴᠠ ᠪᠣᠯᠵᠤ | ᠬᠤᠬᠢᠷᠠᠯ ᠠᠮᠰᠠᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠪᠣᠯᠣᠭᠰᠠᠨ ᠮᠥᠷᠲᠡᠭᠡᠨ ᠨᠡᠶᠢᠭᠡᠮ ᠤᠨ ᠠᠪᠤᠷᠠᠨ | ᠲᠤᠰᠠᠯᠠᠬᠤ ᠨᠥᠬᠦᠴᠡᠯ ᠳᠤ ᠨᠡᠶᠢᠴᠡᠭᠰᠡᠨ ᠪᠣᠯ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ᠃ ᠹᠢᠽᠢᠺ ᠤᠨ ᠠᠷᠭ᠎ᠠ ᠪᠠᠷ | ᠲᠤᠰᠠᠭᠠᠷᠯᠠᠬᠤ᠂ ᠳᠦᠷᠰᠦ ᠶᠢᠨ ᠰᠦᠷᠦᠭ ᠢ ᠲᠣᠬᠢᠷᠠᠭᠤᠯᠤᠨ ᠡᠵᠡᠮᠳᠡᠬᠦ᠂ ᠣᠷᠣᠰᠢᠨ ᠠᠮᠢᠳᠤᠷᠠᠬᠤ ᠭᠠᠵᠠᠷ ᠢ | ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠠᠭᠤᠷᠠᠢ ᠳᠡᠭᠡᠷᠡᠬᠢ ᠬᠡᠭᠡᠷ᠎ᠡ ᠶᠢᠨ ᠠᠮᠢᠳᠠᠨ ᠤ ᠬᠥᠨᠥᠭᠡᠯ | ᠤᠴᠠᠷᠠᠭᠤᠯᠬᠤ ᠠᠶᠤᠯ ᠲᠦᠭᠰᠢᠭᠦᠷᠢ ᠶᠢ ᠪᠠᠭᠠᠰᠬᠠᠨ᠎ᠠ᠃ ᠳᠥᠷᠪᠡ ᠳᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | ᠃ ᠲᠣᠰ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠯ᠎ᠡ ᠱᠠᠲᠤᠨ ᠤ | ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ | ᠪᠤᠰᠤᠳᠴᠢ ᠪᠥᠭᠡᠳ ᠲᠥᠪ ᠭᠤᠥᠯᠴᠢ᠂ ᠢᠯᠡ ᠲᠣᠳᠣ ᠪᠠᠷ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠦᠪᠦᠷᠢ | ᠣᠯᠭᠤᠬᠤ ᠶᠣᠰᠣᠲᠠᠢ ᠪᠦᠬᠦᠨ ᠳᠤ ᠨᠢ ᠨᠥᠬᠦᠪᠦᠷᠢ ᠣᠯᠭᠤᠬᠤ ᠶᠢᠨ ᠬᠠᠮᠲᠤ ᠵᠠᠭᠤᠴᠢᠯᠠᠭᠤᠷ ᠪᠠ ᠣᠯᠠᠨ ᠨᠡᠶᠢᠲᠡ ᠶᠢᠨ | ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ︽ᠠᠷᠭ᠎ᠠ︾ ᠳᠤ ᠲᠣᠭᠲᠠᠭᠠᠭᠰᠠᠨ ᠠᠷᠠᠳ ᠲᠤ ᠲᠥᠬᠦᠮ | ᠦᠵᠡᠭᠦᠯᠵᠦ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |