4 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤᠨ ᠤ ᠬᠢᠨ ︽ᠤᠯᠤᠰ ᠤᠨ ᠶᠡᠷᠦᠩᠬᠡᠢ ᠠᠮᠤᠷ | ᠲᠦᠪᠰᠢᠨ ᠤ ᠦᠵᠡᠯᠲᠡ ᠶᠢ ᠲᠤᠤᠱᠯᠠᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠦᠵᠡᠯ | ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠲᠤᠳᠬᠠᠬᠤ︾ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠭᠡᠷ ᠤᠨ ᠡᠷᠬᠢᠯᠡᠭᠴᠢ ᠵᠣᠣ ᠬᠠᠢ ᠯᠢ | ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ | ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠰᠢᠨ᠎ᠡ | ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠳᠤ ᠦᠢᠯᠡᠴᠢᠯᠡᠬᠦ ᠬᠡᠷᠡᠭᠲᠡᠢ | ᠬᠡᠵᠦ ᠴᠢᠬᠤᠯᠠᠴᠢᠯᠠᠭᠰᠠᠨ ᠪᠠᠶᠢᠨ᠎ᠠ᠃ ᠠᠵᠢᠯᠯᠠᠭ᠎ᠠ ᠨᠢ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ | ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ | ᠵᠡᠷᠭᠡ ᠠᠷᠭ᠎ᠠ ᠬᠡᠯᠪᠡᠷᠢ ᠪᠠᠷ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠲᠦᠷᠢᠮ ᠲᠣᠭᠲᠠᠭᠠᠯ ᠵᠢᠴᠢ | ᠬᠠᠮᠢᠶ᠎ᠠ ᠪᠦᠬᠦᠢ ᠮᠡᠳᠡᠯᠭᠡ ᠶᠢ ᠣᠯᠠᠨ ᠲᠦᠮᠡᠨ ᠳᠤ ᠤᠬᠠᠭᠤᠯᠤᠨ ᠲᠦᠬᠡᠮᠡᠯᠵᠢᠬᠦᠯᠵᠡᠢ᠃ ᠲᠠᠷᠠᠭᠠᠴᠢ ᠶᠢᠨ ᠠᠯᠬᠤᠮ ᠳᠤ | ᠂ ᠲᠤᠰ ᠬᠤᠰᠢᠭᠤ ᠨᠢ ᠦᠷᠭᠦᠯᠵᠢᠯᠡᠨ ︽ᠰᠦᠯᠵᠢᠶᠡᠨ ᠲᠡᠭᠡᠷᠡᠬᠢ + ᠰᠦᠯᠵᠢᠶᠡᠨ ᠲᠤᠤᠷᠠᠬᠢ︾ ᠵᠠᠭᠪᠤᠷ ᠢᠶᠠᠷ | ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠵᠦ᠂ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠡᠬᠦᠷᠭᠡᠯᠡᠬᠦ︾ | ᠤᠬᠠᠮᠰᠠᠷ ᠢ ᠬᠦᠨᠵᠡᠬᠡᠶᠢᠷᠡᠬᠦᠯᠦᠨ᠂ ᠪᠥᠬᠦ ᠬᠤᠰᠢᠭᠤᠨ ᠤ ᠺᠠᠳ᠋ᠷ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠤᠬᠠᠮᠰᠠᠷ ᠪᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠬᠦ ᠳᠤ ᠪᠠᠲᠤ ᠰᠠᠭᠤᠷᠢ ᠶᠢ ᠲᠠᠯᠪᠢᠬᠤ ᠪᠤᠯᠤᠨ᠎ᠠ᠃ |