4 ᠰᠠᠷ᠎ᠠ ᠶᠢᠨ 15 ᠤ ᠡᠳᠦᠷ᠂ ᠲᠠᠶᠢᠹᠤᠰᠧ ᠬᠤᠰᠢᠭᠤ ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ | ᠬᠦᠴᠦᠨ ᠤ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠵᠦ᠂ ᠳᠡᠳ᠋ ᠬᠤᠰᠢᠭᠤ ᠳᠠᠷᠤᠭ᠎ᠠ ᠯᠢ ᠵᠠᠨ ᠪᠦᠦ | ᠪᠤᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠯᠢ ᠵᠠᠨ ᠪᠦᠦ ᠵᠢᠭᠠᠵᠤ ᠭᠠᠷᠭᠠᠬᠤ ᠳᠠᠭᠠᠨ᠂ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠠᠴᠢ ᠬᠤᠯᠪᠣᠭᠳᠠᠯ ᠢ | ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠨᠢᠬᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ | ᠵᠠᠰᠠᠯᠲᠠ ᠶᠢ ᠠᠬᠢᠭᠤᠯᠬᠤ ᠬᠠᠷᠢᠭᠤᠴᠠᠯᠭ᠎ᠠ ᠶᠢ ᠡᠬᠦᠷᠭᠡᠯᠡᠨ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ | ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠦᠵᠡᠯ ᠰᠠᠨᠠᠭ᠎ᠠ ᠪᠠᠨ ᠬᠤᠪᠢᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ | ᠬᠤᠰᠢᠭᠤᠨ ᠤ ᠬᠥᠳᠡᠭᠡ ᠲᠣᠰᠬᠤᠨ ᠤ ᠵᠠᠰᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠬᠤ ᠬᠡᠷᠡᠭᠲᠡᠢ ᠭᠡᠪᠡ᠃ ᠱᠧᠨᠵᠧᠨ ᠬᠤᠳᠠ ᠶᠢᠨ ᠳᠠᠭᠠᠭᠠᠮᠠᠯ ᠢ ᠳᠠᠪᠲᠠᠨ ᠪᠣᠯᠪᠠᠰᠤᠷᠠᠭᠤᠯᠬᠤ ᠳᠡᠭᠡᠳᠦ | ᠰᠤᠷᠭᠠᠭᠤᠯᠢ ᠶᠢᠨ ᠳᠡᠳ᠋ ᠵᠠᠬᠢᠷᠤᠯ ᠬᠤᠸᠠᠩ ᠱᠦᠨ ᠢ ᠠᠴᠠ ᠰᠤᠷᠭᠠᠭᠤᠯᠢ ᠶᠢᠨ ᠢᠶᠠᠨ ᠦᠨᠳᠦᠰᠦᠨ ᠪᠠᠶᠢᠳᠠᠯ ᠵᠢᠴᠢ | ᠡᠨᠡ ᠤᠳᠠᠭᠠᠨ ᠤ ᠪᠣᠯᠪᠠᠰᠤᠷᠠᠯ ᠤᠨ ᠲᠥᠯᠥᠪᠯᠡᠭᠡ ᠪᠠ ᠱᠠᠭᠠᠷᠳᠠᠯᠭ᠎ᠠ ᠶᠢ ᠲᠠᠨᠢᠯᠴᠠᠭᠤᠯᠵᠠᠢ᠃ ᠣᠶᠢᠯᠠᠭᠠᠭᠰᠠᠨ ᠢᠶᠠᠷ᠂ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠠᠴᠠ ᠬᠠᠪᠰᠤᠷᠤᠨ | ᠵᠤᠬᠢᠴᠠᠭᠤᠯᠤᠭᠰᠠᠨ 4 ᠡᠳᠦᠷ ᠤᠨ ᠬᠤᠭᠤᠴᠠᠭ᠎ᠠ ᠲᠠᠢ ᠡᠨᠡ ᠤᠳᠠᠭᠠᠨ ᠤ ᠪᠣᠯᠪᠠᠰᠤᠷᠠᠯ ᠨᠢ ᠲᠤᠰᠬᠠᠢ ᠰᠡᠳᠦᠪᠲᠦ | ᠲᠠᠶᠢᠯᠤᠮᠵᠢ᠂ ᠭᠤᠣᠯ ᠰᠡᠳᠦᠪᠲᠦ ᠶᠠᠷᠢᠯᠴᠠᠭ᠎ᠠ ᠵᠡᠷᠭᠡ ᠬᠡᠯᠪᠡᠷᠢ ᠪᠠᠷ ᠪᠥᠬᠦ ᠬᠤᠰᠢᠭᠤᠨ ᠤ 60 ᠨᠡᠷ᠎ᠡ ᠬᠥᠳᠡᠭᠡ | ᠲᠣᠰᠬᠤᠨ ᠤ ᠵᠠᠰᠠᠯᠲᠠ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠳᠤ ᠪᠣᠯᠪᠠᠰᠤᠷᠠᠯ ᠬᠦᠷᠳᠡᠭᠡᠵᠦ᠂ | ᠬᠥᠳᠡᠭᠡ ᠲᠣᠰᠬᠤᠨ ᠤ ᠵᠠᠰᠠᠯᠲᠠ ᠶᠢᠨ ᠭᠤᠣᠯᠯᠠᠭᠴᠢ ᠬᠦᠴᠦᠨ ᠤ ᠤᠯᠤᠰ ᠲᠦᠷᠦ ᠶᠢᠨ ᠤᠬᠠᠮᠰᠠᠷ ᠪᠣᠯᠣᠨ ᠵᠣᠬᠢᠶᠠᠨ | ᠪᠠᠶᠢᠭᠤᠯᠤᠯᠲᠠ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠣᠯᠣᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠲᠡᠭᠡᠭᠰᠢᠯᠡᠬᠦᠯᠦᠨ᠂ ᠦᠨᠳᠦᠰᠦᠨ ᠱᠠᠲᠤᠨ ᠤ ᠵᠠᠰᠠᠯᠲᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠳᠡᠮᠵᠢᠯᠭᠡ ᠬᠠᠩᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠨᠡᠮᠡᠷᠢᠯᠡᠬᠦ ᠪᠤᠯᠤᠨ᠎ᠠ᠃ |