ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠬᠦᠯᠵᠦ ᠤᠯᠤᠰ ᠤᠨ ᠠᠮᠤᠷ ᠲᠦᠪᠰᠢᠨ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2023/4/18
 4 ᠰᠠᠷ᠎ᠠ ᠶᠢᠨ 15  ᠤ ᠡᠳᠦᠷ ᠪᠣᠯ  ᠨᠠᠢᠮᠠᠳᠠᠬᠢ  ︽ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠪᠣᠯᠣᠨ᠎ᠠ᠃ ᠣᠶᠢᠷ᠎ᠠ ᠶᠢᠨ ᠡᠳᠦᠷ ᠤᠳ ᠲᠤ᠂  ᠲᠠᠶᠢᠹᠤᠰᠧ ᠬᠤᠰᠢᠭᠤᠨ ᠤ ᠡᠯ᠎ᠡ ᠰᠤᠷᠭᠠᠭᠤᠯᠢ ᠨᠢ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠤᠱᠯᠠᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠬᠡᠪ ᠪᠣᠯᠪᠠᠰᠤᠷᠠᠯ ᠢ ᠴᠢᠩᠭᠠᠳᠬᠠᠨ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠲᠤᠯᠠᠬᠤ ᠨᠡᠶᠢᠭᠡᠮ ᠤᠨ ᠰᠠᠭᠤᠷᠢ ᠶᠢ ᠪᠠᠳᠤᠳᠬᠠᠶ᠎ᠠ︾ ᠬᠡᠮᠡᠬᠦ ᠭᠤᠣᠯ ᠰᠡᠳᠦᠪ ᠤᠨ ᠲᠣᠭᠤᠷᠢᠨ ᠳᠤ᠂ ᠤᠯᠠᠮᠵᠢᠯᠠᠯᠲᠤ ᠬᠠᠤᠯᠢ ᠲᠦᠭᠡᠮᠡᠯᠵᠢᠭᠦᠯᠬᠦ ᠠᠷᠭ᠎ᠠ ᠮᠠᠶ᠋ᠢᠭ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ  ᠰᠢᠨ᠎ᠡ ᠠᠷᠭ᠎ᠠ ᠬᠡᠯᠪᠡᠷᠢ ᠶᠢ ᠭᠡᠷᠡᠭᠯᠡᠨ᠂ ᠤᠯᠤᠰ ᠤᠨ ᠠᠮᠤᠷ ᠲᠦᠪᠰᠢᠨ ᠢ ᠬᠠᠤᠯᠢ ᠶᠣᠰᠣᠭᠠᠷ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠠᠭᠰᠢ ᠰᠤᠷᠤᠭᠴᠢᠳ ᠤᠨ ᠤᠯᠤᠰ ᠤᠨ  ᠠᠮᠤᠷ ᠲᠦᠪᠰᠢᠨ ᠤ ᠤᠬᠠᠮᠰᠠᠷ ᠢ ᠲᠡᠭᠡᠭᠰᠢᠯᠡᠬᠦᠯᠦᠨ᠂ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠰᠤᠷᠤᠭᠴᠢᠳ ᠤᠨ ᠰᠡᠳᠬᠢᠯ ᠳᠤ ᠦᠨᠳᠦᠰᠦᠯᠡᠬᠦᠯᠪᠡ᠃    ᠴᠧᠩ ᠪᠧᠢ ᠬᠡᠦᠬᠡᠳ ᠤᠨ ᠴᠡᠴᠡᠷᠯᠢᠭ ᠨᠢ ᠨᠢᠭᠡ ᠭᠠᠷᠠᠭ ᠤᠨ ᠬᠤᠭᠤᠴᠠᠭ᠎ᠠ ᠲᠠᠢ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂  ᠸᠢᠳᠢᠤ᠋  ᠦᠵᠡᠬᠦ᠂  ᠵᠢᠷᠤᠭ ᠵᠢᠷᠤᠬᠤ᠂  ᠰᠣᠷᠢᠯᠲᠠ  ᠬᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ  ᠤᠯᠤᠰ ᠤᠨ ᠠᠮᠤᠷ ᠲᠦᠪᠰᠢᠨ ᠤ  ᠬᠦᠮᠦᠵᠢᠯ   ᠢ ᠬᠢᠵᠡᠢ᠃ ᠬᠤᠶᠠᠳᠤᠭᠠᠷ ᠪᠠᠭ᠎ᠠ ᠰᠤᠷᠭᠠᠭᠤᠯᠢ ᠨᠢ ᠤᠯᠤᠰ ᠤᠨ ᠠᠮᠤᠷ ᠲᠦᠪᠰᠢᠨ ᠢ ᠡᠳᠦᠷ ᠲᠤᠲᠤᠮ ᠤᠨ ᠰᠤᠷᠭᠠᠨ ᠬᠥᠮᠦᠵᠢᠯ ᠤᠨ ᠠᠵᠢᠯᠯᠠᠭ᠎ᠠ ᠳᠤ ᠠᠭᠤᠰᠬᠠᠨ ᠣᠷᠣᠭᠤᠯᠵᠤ᠂ ᠡᠯ᠎ᠡ ᠠᠩᠭᠢ ᠨᠢᠬᠡᠴᠡ ᠶᠢ ᠵᠣᠬᠢᠶᠠᠨ ᠪᠠᠶᠢᠭᠤᠯᠵᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠭᠤᠣᠯ ᠰᠡᠳᠦᠪᠲᠦ ᠠᠩᠭᠢ ᠶᠢᠨ ᠬᠤᠷᠠᠯ ᠢ  ᠡᠷᠬᠢᠯᠡᠨ᠂ ᠰᠤᠷᠤᠭᠴᠢᠳ ᠢ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠲᠠᠢ ᠪᠤᠯᠭᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠵᠦ᠂ ︽ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂  ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠴᠠ ᠬᠥᠮᠥᠨ ᠪᠦᠬᠦᠨ ᠠᠰᠢᠭ ᠬᠦᠷᠳᠡᠬᠦ︾᠂ ︽ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠭᠤᠣᠯ ᠲᠣᠭᠯᠠᠭᠴᠢ ᠪᠣᠯᠬᠤ︾ ᠭᠦᠨ ᠭᠦᠨᠵᠡᠭᠡᠢ ᠠᠭᠤᠯᠤᠭᠳᠠᠬᠤᠨ ᠢ ᠣᠶᠢᠯᠠᠭᠠᠭᠤᠯᠵᠠᠢ᠃ ᠨᠢᠭᠡᠳᠦᠭᠡᠷ ᠳᠤᠮᠳᠠᠳᠤ ᠰᠤᠷᠭᠠᠭᠤᠯᠢ ᠨᠢ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠠᠴᠠ ᠴᠠᠭᠳᠠᠭ᠎ᠠ ᠤᠷᠢᠵᠤ᠂  ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠬᠦᠴᠡᠬᠦ ᠵᠡᠷᠭᠡ  ᠬᠠᠮᠢᠶ᠎ᠠ ᠪᠦᠬᠦᠢ ᠬᠠᠤᠯᠢ  ᠲᠦᠷᠢᠮ ᠢ ᠲᠠᠶᠢᠯᠪᠤᠷᠢᠯᠠᠨ᠂ ᠰᠤᠷᠤᠭᠴᠢᠳ ᠢ  ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ ᠤᠬᠠᠮᠰᠠᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ  ᠨᠢ ᠦᠨᠡᠨᠬᠦ ᠴᠢᠩᠭᠠᠳᠬᠠᠵᠤ᠂ ᠰᠤᠷᠤᠭᠴᠢᠳ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ  ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠠᠯᠤᠰ ᠬᠡᠳᠤ ᠶᠢᠨ ᠬᠦᠰᠡᠯᠡᠩ ᠪᠣᠯᠣᠨ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ ᠪᠤᠯᠵᠠᠭᠠᠨ᠂ ᠥᠪᠡᠷ ᠤᠨ ᠬᠦᠰᠡᠯᠡᠩ ᠪᠣᠯᠣᠨ ᠦᠨ᠎ᠡ ᠦᠷᠳᠡᠭ ᠢᠶᠠᠨ ᠪᠡᠶᠡᠯᠡᠭᠦᠯᠬᠦ  ᠭᠡᠷᠡᠭᠳᠡᠢ ᠬᠡᠵᠦ ᠤᠷᠮᠠᠰᠢᠭᠤᠯᠤᠨ ᠵᠤᠷᠢᠬᠵᠢᠭᠤᠯᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号