ᠲᠠᠶᠢᠹᠤᠰᠧ ᠬᠤᠰᠢᠭᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠬᠤ ᠴᠢᠨᠠᠷᠲᠠᠢ ᠵᠦᠪᠯᠡᠯᠭᠡᠨ ᠤ ᠠᠵᠢᠯ ᠢ  ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/4/20
    4 ᠰᠠᠷ᠎ᠠ ᠶᠢᠨ 19᠎ ᠤ ᠡᠳᠦᠷ᠂ ᠲᠠᠶᠢᠹᠤᠰᠧ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠪᠥᠬᠦ ᠣᠷᠣᠨ ᠤ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠲᠠᠯᠪᠢᠬᠤ ᠴᠢᠨᠠᠷᠲᠠᠢ ᠵᠦᠪᠯᠡᠯᠭᠡᠨ ᠤ ᠠᠵᠢᠯ ᠤᠨ  ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠵᠦᠪᠯᠡᠯᠭᠡᠨ ᠤ ᠠᠵᠢᠯ ᠤᠨ ᠲᠦᠰᠦᠪ ᠲᠤ ᠲᠠᠶᠢᠯᠤᠮᠵᠢ ᠬᠢᠭᠰᠡᠨ ᠪᠦᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠤᠯᠤᠰ ᠳᠣᠶᠢᠷᠤ ᠶᠢᠨ  ᠵᠦᠪᠯᠡᠯᠭᠡᠨ ᠤ ᠲᠡᠷᠢᠬᠦᠯᠡᠭᠴᠢ ᠶᠠᠩ ᠶᠢᠨ ᠮᠢᠩ᠂  ᠲᠡᠳ᠋ ᠲᠡᠷᠢᠬᠦᠯᠡᠭᠴᠢ ᠴᠢ ᠵᠢᠦ ᠴᠧᠩ ᠬᠤᠷᠠᠯ ᠳᠤ ᠤᠷᠤᠯᠴᠠᠵᠠᠢ᠃ ᠬᠤᠷᠠᠯ ᠠᠴᠠ᠂ ᠠᠷᠠᠳᠴᠢᠯᠠᠯ ᠢᠶᠠᠷ ᠬᠢᠨᠠᠯᠲᠠ ᠲᠠᠯᠪᠢᠵᠤ ᠵᠥᠪᠯᠡᠬᠦ ᠡᠯ᠎ᠡ ᠲᠦᠷᠦᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠪᠠᠶᠢᠴᠠᠭᠠᠨ ᠰᠤᠳᠤᠯᠵᠤ ᠢᠯᠡᠷᠡᠭᠦᠯᠦᠭᠰᠡᠨ ᠪᠠ ᠰᠠᠯᠠᠭ᠎ᠠ ᠮᠥᠴᠢᠷ ᠤᠨ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂  ᠬᠠᠨᠳᠤᠯᠭᠠᠲᠤ ᠴᠢᠨᠠᠷᠲᠠᠢ ᠠᠷᠭᠠᠴᠠᠬᠤ ᠪᠣᠳᠣᠯᠭ᠎ᠠ ᠪᠠ  ᠰᠠᠨᠠᠯ ᠰᠠᠨᠠᠭᠤᠯᠭ᠎ᠠ ᠶᠢ ᠲᠤᠷᠠᠳᠤᠨ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠳᠤᠲᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠡᠨᠡ  ᠤᠳᠠᠭᠠᠨ ᠤ ᠲᠤᠰᠬᠠᠢ ᠰᠡᠳᠦᠪᠲᠦ ᠵᠥᠪᠯᠡᠯᠭᠡ ᠳᠤ ᠳᠤᠷᠠᠳᠤᠭᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠡᠭᠦᠨ ᠢ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠪᠠᠨ ᠰᠢᠩᠭᠡᠬᠡᠨ ᠠᠪᠴᠤ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ ᠬᠠᠮᠢᠶ᠎ᠠ ᠪᠦᠬᠦᠢ  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号