ᠲᠠᠶᠢᠹᠤᠰᠧ ᠬᠤᠰᠢᠭᠤ ᠺᠠᠳ᠋ᠷ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠭᠰᠡᠨ
ᠨᠡᠶᠢᠲᠡᠯᠡᠭᠰᠡᠨ ᠴᠠᠭ᠄
2023/4/20
    ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ 2023 ᠣᠨ ᠤ  ᠺᠠᠳ᠋ᠷᠴᠤᠳ ᠢ ᠪᠤᠯᠪᠠᠰᠤᠷᠠᠭᠤᠯᠬᠤ ᠲᠥᠯᠥᠪᠯᠡᠭᠡ ᠶᠣᠰᠣᠭᠠᠷ᠂ 4 ᠰᠠᠷ᠎ᠠ ᠶᠢᠨ 18᠎ ᠤ ᠡᠳᠦᠷ ᠲᠠᠶᠢᠹᠤᠰᠧ ᠬᠤᠰᠢᠭᠤ ᠨᠢ ᠺᠠᠳ᠋ᠷᠴᠤᠳ ᠤᠨ  ᠬᠢᠷᠢ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠭᠤᠤᠯ ᠠᠭᠤᠯᠭ᠎ᠠ ᠪᠤᠯᠬᠤ ᠵᠠᠯᠠᠭᠤ ᠭᠤᠣᠯᠯᠠᠭᠴᠢ ᠬᠦᠴᠦᠨ ᠤ ᠲᠤᠰᠬᠠᠢ ᠰᠡᠳᠦᠪᠲᠦ  ᠪᠤᠯᠪᠠᠰᠤᠷᠠᠯ ᠤᠨ ᠠᠩᠬᠢ ᠡᠷᠬᠢᠯᠡᠪᠡ᠃  ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠵᠣᠣ ᠶᠤᠸᠠᠢ ᠠᠩᠭᠢ ᠡᠬᠢᠯᠡᠬᠦ ᠶᠣᠰᠣᠯᠠᠯ ᠢ ᠡᠷᠬᠢᠯᠡᠵᠦ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠨᠡᠶᠢᠲᠡ ᠶᠢᠨ ᠪᠤᠰᠤ ᠨᠠᠮ ᠤᠨ ᠠᠵᠢᠯ ᠤᠨ ᠬᠤᠷᠢᠶᠠᠨ ᠤ ᠱᠦᠵᠢ ᠵᠧᠦ ᠶᠠᠨ ᠴᠢᠩ  ᠪᠤᠯᠪᠠᠰᠤᠷᠠᠯ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠭᠰᠠᠨ ᠤ ᠬᠠᠮᠲᠤ ︽ᠢᠲᠡᠭᠡᠯ ᠵᠣᠷᠢᠭ ᠢᠶᠠᠨ ᠪᠠᠳᠤᠳᠬᠠᠬᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠠᠵᠢᠯᠯᠠᠬᠤ᠂  ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ  ︾  ᠲᠤᠰᠬᠠᠢ ᠰᠡᠳᠦᠪ ᠤᠨ ᠲᠤᠭᠤᠷᠢᠨ ᠳᠤ ᠬᠠᠪᠰᠤᠷᠤᠨ ᠵᠢᠯᠣᠭᠤᠳᠤᠯᠭ᠎ᠠ ᠬᠢᠵᠦ᠂  ᠵᠠᠯᠠᠭᠤ ᠺᠠᠳ᠋ᠷᠴᠤᠳ ᠢ ᠬᠦᠰᠡᠯᠡᠩ ᠢᠲᠡᠭᠡᠯ ᠪᠢᠰᠢᠷᠡᠯ ᠢᠶᠠᠨ  ᠪᠠᠳᠤᠳᠬᠠᠨ᠂ ᠠᠷᠠᠳ ᠤᠨ ᠲᠥᠯᠥᠭᠡ ᠵᠢᠳᠬᠦᠬᠦ ᠦᠵᠡᠯ ᠰᠠᠨᠠᠭ᠎ᠠ ᠪᠠᠨ ᠪᠠᠳᠤᠳᠬᠠᠵᠤ᠂  ᠬᠡᠪ ᠴᠢᠨᠠᠷ ᠢᠶᠠᠨ ᠲᠡᠭᠡᠭᠰᠢᠯᠡᠬᠦᠯᠦᠨ᠂ ᠠᠷᠢᠭᠤᠨ ᠴᠢᠬᠡᠴᠢ ᠬᠡᠪ ᠰᠤᠷᠲᠠᠯ ᠢᠶᠠᠨ ᠪᠠᠲᠤᠯᠠᠵᠤ᠂ ᠨᠠᠩ ᠴᠢᠷᠮᠠᠶᠢᠨ ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠨᠠᠩ ᠢᠳᠡᠪᠬᠢᠲᠡᠢ ᠥᠭᠡᠳᠡᠯᠡᠨ ᠳᠠᠪᠰᠢᠬᠤ ᠲᠡᠮᠡᠴᠡᠯ ᠤᠨ ᠳᠦᠷᠢ ᠲᠥᠷᠬᠦ ᠪᠠᠷ ᠰᠢᠨ᠎ᠡ ᠥᠷᠢᠰᠦᠯᠳᠦᠭᠡᠨ ᠢ ᠤᠭᠲᠤᠵᠤ᠂ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ  ᠎ ᠶᠢᠨ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠦᠨᠡᠨ ᠪᠣᠳᠠᠲᠠᠢ ᠠᠵᠢᠯᠯᠠᠬᠤ ᠭᠡᠷᠡᠭᠳᠡᠢ ᠬᠡᠵᠦ ᠱᠠᠭᠠᠷᠳᠠᠭᠰᠠᠨ ᠪᠠᠶᠢᠨ᠎ᠠ  ᠃ ᠭᠤᠷᠪᠠᠨ ᠡᠳᠦᠷ ᠤᠨ ᠬᠤᠭᠤᠴᠠᠭ᠎ᠠ ᠲᠠᠢ ᠡᠨᠡ ᠤᠳᠠᠭᠠᠨ ᠤ ᠪᠣᠯᠪᠠᠰᠤᠷᠠᠯ ᠎ ᠨᠢ  ︽ᠣᠨᠣᠯ ᠎ ᠤᠨ ᠬᠢᠴᠢᠶᠡᠯ +  ᠲᠣᠭᠤᠷᠢᠨ ᠦᠵᠡᠬᠦ + ᠰᠤᠳᠤᠯᠤᠨ ᠶᠠᠷᠢᠯᠴᠠᠬᠤ︾ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ᠂  ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠠᠴᠠ ᠲᠤᠰᠪᠤᠷᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ   ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠠᠯᠪᠠᠲᠠᠨ ᠤ ᠬᠠᠤᠯᠢ︾᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠵᠡᠷᠭᠡ ᠠᠭᠤᠯᠭ᠎ᠠ ᠶᠢᠨ ᠲᠤᠭᠤᠷᠢᠨ ᠳᠤ ᠲᠤᠰᠬᠠᠢ ᠰᠡᠳᠦᠪ ᠢᠶᠠᠷ ᠬᠢᠴᠢᠶᠡᠯᠯᠡᠵᠦ᠂ ︽ᠪᠦᠬᠦ ᠤᠯᠤᠰ ᠤᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾  ᠪᠤᠯᠬᠤ ᠪᠢᠶᠠᠨ ᠴᠢᠶᠠᠩ ᠲᠣᠰᠬᠤᠨ ᠤ ᠨᠠᠮ ᠤᠨ ᠡᠭᠦᠷ ᠲᠤ ᠬᠦᠷᠴᠦ  ︽ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠎ ᠤ ᠬᠦᠭᠵᠢᠯ ᠮᠠᠨᠳᠤᠯ ᠢ  ᠠᠬᠢᠭᠤᠯᠬᠤ︾ ᠲᠡᠷᠢᠭᠦᠨ ᠤ ᠠᠷᠭ᠎ᠠ ᠲᠤᠷᠰᠢᠯᠭ᠎ᠠ  ᠎ ᠶᠢ ᠰᠤᠷᠤᠯᠴᠠᠭᠰᠠᠨ ᠪᠦᠭᠡᠳ ︽ᠨᠠᠮ ᠤᠨ ᠢᠶᠠᠨ ᠠᠴᠢ ᠶᠢ ᠮᠡᠳᠡᠷᠡᠵᠦ᠂ ᠨᠠᠮ ᠤᠨ ᠢᠶᠠᠨ ᠦᠭᠡ ᠶᠢ ᠰᠣᠨᠣᠰᠴᠤ᠂ ᠨᠠᠮ ᠢᠶᠠᠨ ᠡᠬᠦᠷᠢᠳᠡ ᠳᠠᠭᠠᠬᠤ  ︾  ᠎ ᠪᠠᠷ ᠭᠤᠣᠯ ᠰᠡᠳᠦᠪ ᠪᠤᠯᠭᠠᠨ  ᠰᠤᠳᠤᠯᠤᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃ ᠬᠢᠴᠢᠶᠡᠯ ᠤᠨ ᠰᠡᠳᠦᠪ  ᠎ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ᠂ ᠤᠯᠤᠰ ᠲᠥᠷᠥᠴᠢ ᠴᠢᠨᠠᠷ  ᠣᠨᠣᠯᠴᠢ ᠴᠢᠨᠠᠷ ᠪᠠ ᠦᠢᠯᠡᠳᠦᠯᠭᠡᠲᠦ ᠴᠢᠨᠠᠷ ᠢᠶᠠᠷ ᠴᠢᠩᠭ᠎ᠠ ᠪᠠᠶᠢᠵᠤ᠂ ᠵᠠᠯᠠᠭᠤ ᠺᠠᠳ᠋ᠷᠴᠤᠳ ᠤᠨ ᠶᠡᠷᠦᠩᠬᠡᠶᠢᠯᠡᠭᠰᠡᠨ ᠬᠢᠷᠢ ᠴᠢᠳᠠᠪᠤᠷᠢ ᠪᠠ ᠬᠡᠪ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠳᠤ ᠤᠨᠤᠯ ᠪᠠ ᠦᠢᠯᠡᠳᠦᠯᠭᠡ ᠶᠢᠨ ᠰᠠᠭᠤᠷᠢ ᠶᠢ ᠲᠠᠯᠪᠢᠵᠤ ᠥᠭᠴᠡᠢ᠃ ᠪᠥᠬᠦ ᠬᠤᠰᠢᠭᠤᠨ ᠤ ᠪᠦᠬᠦᠯᠢ 35 ᠨᠠᠰᠤ ᠣᠷᠴᠢᠮ ᠤᠨ 64 ᠵᠠᠯᠠᠭᠤ ᠭᠤᠣᠯᠯᠠᠭᠴᠢ  ᠬᠦᠴᠦᠨ ᠬᠢᠭᠡᠳ 17  ᠨᠡᠷ᠎ᠡ ᠰᠣᠩᠭᠤᠨ ᠠᠪᠤᠭᠰᠠᠨ ᠰᠣᠷᠣᠭᠴᠢ ᠪᠣᠯᠪᠠᠰᠤᠷᠠᠯ ᠳᠤ ᠤᠷᠤᠯᠴᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号