ᠢᠯᠡᠬᠦᠦ ᠬᠦᠮᠦᠨ ᠰᠠᠭᠤᠯᠭᠠᠭᠠᠳ ᠶᠡᠭᠡ ᠵᠠᠯᠬᠠᠭᠠᠯ ᠳᠤ ᠤᠴᠠᠷᠠᠪᠠ
ᠨᠡᠶᠢᠲᠡᠯᠡᠭᠰᠡᠨ ᠴᠠᠭ᠄
2023/4/20
     ᠬᠠᠪᠤᠷ ᠤᠨ ᠲᠡᠭᠷᠢ ᠲᠤᠯᠠᠭᠠᠷᠠᠵᠤ ᠭᠠᠳᠠᠭᠰᠢ ᠭᠠᠷᠴᠤ ᠬᠥᠯᠥᠰᠦᠨ ᠠᠵᠢᠯ ᠬᠢᠬᠦ ᠬᠦᠮᠦᠨ ᠤ ᠲᠤᠭ᠎ᠠ ᠤᠯᠠᠰᠢᠷᠠᠬᠤ ᠶᠢ ᠲᠠᠭᠠᠯᠳᠤᠭᠠᠳ᠂   ᠤᠬᠠᠭ᠎ᠠ ᠲᠤᠮᠤᠭ᠎ᠠ ᠦᠬᠡᠢ ᠵᠠᠷᠢᠮ ᠵᠢᠯᠤᠭᠤᠴᠢ ᠬᠡᠮᠵᠢᠶ᠎ᠡ ᠲᠠᠢ ᠮᠠᠰᠢᠨ ᠲᠡᠭᠡᠷ᠎ᠡ  ᠪᠠᠨ ᠬᠡᠲᠦᠷᠡᠲᠡᠯ᠎ᠡ ᠠᠴᠢᠵᠤ ᠰᠠᠭᠤᠯᠭᠠᠨ᠂  ᠬᠠᠤᠯᠢ ᠲᠦᠷᠢᠮ ᠢ  ᠵᠦᠷᠢᠴᠡᠵᠦ  ᠂  ᠤᠰᠤᠯ ᠠᠳᠡᠯ ᠭᠠᠷᠭᠠᠬᠤ ᠠᠵᠢᠯᠯᠠᠭ᠎ᠠ ᠪᠠᠭ᠎ᠠ ᠪᠤᠰᠤ ᠲᠤᠬᠢᠶᠠᠯᠳᠤᠳᠠᠭ᠃ ᠣᠷᠴᠢᠮᠬᠠᠨ᠂ ᠲᠠᠶᠢᠹᠤᠰᠧ ᠬᠤᠰᠢᠭᠤᠨ ᠤ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ  G207 ᠤᠯᠤᠰ ᠤᠨ ᠵᠠᠮ ᠲᠡᠭᠡᠷ᠎ᠡ ᠲᠣᠭᠤᠷᠢᠨ ᠴᠠᠭᠳᠠᠬᠤ ᠳᠠᠭᠠᠨ ᠨᠢᠭᠡᠨ ᠮᠢᠶᠠᠨᠪᠣᠣ ᠲᠡᠷᠭᠡᠨ ᠳᠤ ᠪᠠᠭᠳᠠᠵᠤ ᠶᠠᠳᠠᠳᠠᠯ᠎ᠠ ᠬᠦᠮᠦᠨ ᠰᠠᠭᠤᠯᠭᠠᠭᠰᠠᠨ ᠢ ᠣᠯᠵᠤ ᠮᠡᠳᠡᠵᠡᠢ᠃ ᠴᠠᠭᠳᠠᠭ᠎ᠠ ᠨᠠᠷ ᠲᠡᠷᠭᠡ ᠶᠢ ᠵᠣᠭᠰᠣᠭᠠᠵᠤ ᠪᠠᠶᠢᠴᠠᠭᠠᠭᠰᠠᠨ ᠳᠤ᠂  9 ᠬᠥᠮᠥᠨ ᠤ ᠪᠠᠭᠳᠠᠭᠠᠮᠵᠢ ᠲᠠᠢ ᠮᠢᠶᠠᠨᠪᠣᠣ ᠲᠡᠷᠭᠡᠨ ᠳᠤ 17 ᠬᠥᠮᠥᠨ  ᠬᠦᠮᠦᠨ ᠰᠢᠬᠠᠯᠳᠤᠵᠤ ᠰᠠᠭᠤᠭᠰᠠᠨ ᠮᠦᠷᠳᠡᠭᠡᠨ  ᠶᠠᠮᠠᠷ ᠴᠤ  ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠ᠃ ᠵᠢᠯᠣᠭᠤᠴᠢ ᠰᠦᠨ ᠣᠪᠣᠭᠲᠤ ᠬᠦᠮᠦᠨ ᠤ ᠲᠤᠭ᠎ᠠ ᠭᠡᠳᠦᠷᠡᠬᠦ ᠪᠣᠯ ᠬᠠᠤᠯᠢ   ᠠᠴᠠ ᠵᠥᠷᠢᠴᠡᠭᠰᠡᠨ ᠶᠠᠪᠤᠳᠠᠯ ᠮᠥᠨ ᠭᠡᠳᠡᠭ   ᠢ ᠮᠡᠳᠡᠵᠦ ᠪᠠᠶᠢᠭ᠎ᠠ ᠪᠣᠯᠪᠠᠴᠤ  ᠵᠠᠮ ᠤᠨ ᠵᠠᠷᠤᠳᠠᠯ   ᠢᠶᠠᠨ ᠠᠷᠪᠢᠯᠠᠬᠤ   ᠶᠢᠨ ᠲᠥᠯᠥᠭᠡ 17 ᠬᠦᠮᠦᠨ   ᠢ ᠨᠢᠬᠡᠯᠡ ᠲᠡᠭᠡᠷ᠎ᠡ ᠪᠦᠬᠦᠳᠡ ᠶᠢ ᠴᠢᠬᠢᠵᠦ  ᠰᠠᠭᠤᠯᠭᠠᠭᠰᠠᠨ ᠪᠠᠶᠢᠵᠠᠢ᠃  ᠠᠷᠠᠳ ᠤᠨ ᠴᠠᠭᠳᠠᠭ᠎ᠠ ᠠᠴᠠ ᠰᠦᠨ ᠣᠪᠣᠭᠲᠤ  ᠬᠢᠭᠡᠳ ᠲᠡᠷᠭᠡᠨ ᠳᠤ ᠰᠠᠭᠤᠭᠰᠠᠳ ᠢ  ᠬᠠᠳᠠᠭᠤ ᠴᠢᠩᠭ᠎ᠠ ᠪᠠᠷ ᠰᠢᠭᠦᠮᠵᠢᠯᠡᠨ ᠰᠤᠷᠭᠠᠭᠰᠠᠨ ᠤ ᠬᠠᠮᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠳᠥᠴᠢ ᠶᠢᠰᠦᠳᠦᠭᠡᠷ ᠵᠤᠷᠪᠤᠰ᠂ ᠶᠡᠷᠡᠳᠦᠭᠡᠷ ᠵᠤᠷᠪᠤᠰ᠂ ︽ᠥᠪᠥᠷ ᠮᠣᠩᠭᠤᠯ ᠤᠨ ᠬᠡᠷᠡᠭᠵᠢᠭᠦᠯᠬᠦ ᠠᠷᠭ᠎ᠠ︾ ᠶᠢᠨ ᠲᠠᠪᠢ ᠶᠢᠰᠦᠳᠦᠭᠡᠷ ᠵᠤᠷᠪᠤᠰ ᠤᠨ ᠭᠤᠷᠪᠠᠳᠤᠭᠠᠷ ᠲᠣᠭᠲᠠᠭᠠᠯ ᠢ ᠦᠨᠳᠦᠰᠦᠯᠡᠨ᠂ ᠵᠢᠯᠣᠭᠤᠴᠢ ᠰᠦᠨ ᠣᠪᠣᠭᠲᠤ ᠶᠢ ᠠᠷᠠᠳ ᠤᠨ ᠵᠤᠭᠤᠰ 100 ᠲᠥᠭᠦᠷᠢᠭ ᠢᠶᠠᠷ ᠲᠣᠷᠭᠠᠵᠤ᠂ ᠵᠢᠯᠣᠭᠤᠴᠢ ᠶᠢᠨ ᠦᠨᠡᠮᠯᠡᠯ ᠠᠴᠠ ᠨᠢ 6 ᠬᠤᠪᠢ ᠬᠠᠰᠤᠭᠰᠠᠨ ᠪᠦᠭᠡᠳ ᠰᠦᠨ ᠣᠪᠣᠭᠲᠤ ᠶᠢ ᠱᠠᠭᠠᠷᠳᠠᠵᠤ ᠪᠠᠭᠳᠠᠭᠠᠮᠵᠢ ᠠᠴᠠ ᠬᠡᠲᠦᠷᠡᠭᠰᠡᠨ ᠬᠥᠮᠥᠨ ᠢ ᠤᠨᠳᠤᠤ ᠮᠠᠰᠢᠨ ᠳᠤ ᠰᠢᠯᠵᠢᠭᠦᠯᠵᠦ᠂ ᠵᠣᠷᠢᠭᠰᠠᠨ ᠭᠠᠵᠠᠷ ᠲᠤᠨᠢ ᠠᠮᠤᠷ ᠲᠦᠪᠰᠢᠨ ᠬᠦᠷᠭᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号