ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ  ᠬᠤᠯᠪᠤᠭᠠᠨ ᠤ ᠭᠦᠢᠴᠡᠳᠬᠡᠬᠦ ᠵᠥᠪᠯᠡᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/4/23
   4 ᠰᠠᠷ᠎ᠠ ᠶᠢᠨ 21᠎ ᠤ ᠡᠳᠦᠷ᠂ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶᠎ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠬᠤᠶᠠᠳᠤᠭᠠᠷ  ᠬᠤᠷᠠᠯ  ᠬᠤᠷᠠᠯᠳᠤᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠡᠴᠡᠨᠴᠣᠭᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠶᠡᠭᠡ ᠬᠤᠷᠠᠯ ᠠᠴᠠ  ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠭᠡᠰᠢᠭᠦᠨ 7 ᠬᠥᠮᠥᠨ᠂ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠪᠠᠶᠢᠩᠭᠤ ᠶᠢᠨ ᠭᠡᠰᠢᠭᠦᠨ᠂ ᠳᠡᠳ᠋ ᠲᠡᠷᠢᠭᠦᠯᠡᠭᠴᠢ ︵ᠳᠡᠳ᠋ ᠳᠠᠷᠤᠭ᠎ᠠ︶ 1 ᠬᠥᠮᠥᠨ ᠢ ᠨᠦᠬᠦᠵᠦ ᠰᠤᠩᠭᠤᠭᠰᠠᠨ ᠪᠦᠭᠡᠳ ᠲᠠᠶᠢᠹᠤᠰᠧ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠳᠡᠳ᠋ ᠲᠡᠷᠢᠭᠦᠯᠡᠭᠴᠢ ︵ᠳᠡᠳ᠋ ᠳᠠᠷᠤᠭ᠎ᠠ︶᠂ ᠭᠦᠢᠴᠡᠳᠬᠡᠬᠦ ᠵᠥᠪᠯᠡᠯ ᠤᠨ ᠭᠡᠰᠢᠬᠦᠨ ᠨᠢᠭᠡᠴᠡ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号