ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/4/23
    ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠤᠯᠠᠮ  ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 21᠎ ᠤ ᠡᠳᠦᠷ ᠲᠠᠶᠢᠹᠤᠰᠧ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠯ ᠤᠨ ᠠᠩᠭᠢ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠸᠠᠩ ᠸᠧᠢ ᠬᠤᠩ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠬᠤ ᠳᠠᠭᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠪᠣᠯ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠠᠭᠤᠷᠢ ᠶᠢ ᠪᠠᠳᠤᠳᠬᠠᠬᠤ᠂ ᠦᠵᠡᠯ ᠤᠬᠠᠮᠰᠠᠷ ᠤᠨ ᠬᠡᠯᠪᠡᠷᠢ ᠶᠢᠨ ᠰᠠᠭᠤᠷᠢᠨ ᠭᠠᠵᠠᠷ ᠢ ᠪᠠᠬᠢᠵᠢᠭᠦᠯᠬᠦ ᠴᠢᠬᠤᠯᠠ ᠶᠡᠭᠡ ᠰᠢᠨ᠎ᠡ ᠡᠭᠦᠳᠦᠯᠲᠡ᠂ ᠰᠣᠶᠣᠯ ᠤᠨ ᠬᠥᠭᠵᠢᠯᠲᠡ ᠶᠢ ᠠᠬᠢᠭᠤᠯᠬᠤ᠂  ᠤᠯᠠᠨ ᠲᠦᠮᠡᠨ ᠤ ᠰᠤᠶᠤᠯ ᠤᠶᠤᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠴᠢᠬᠤᠯᠠ ᠠᠷᠭ᠎ᠠ ᠪᠠᠷᠢᠯ ᠪᠤᠯᠤᠨ᠎ᠠ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂  ᠬᠤᠰᠢᠭᠤ ᠨᠠᠮ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠡᠬᠢ ᠪᠠᠶᠠᠯᠢᠭ ᠢ ᠨᠡᠶᠢᠳᠭᠡᠬᠦ᠂ ᠦᠢᠯᠡᠴᠢᠯᠡᠭᠡ ᠶᠢ ᠪᠠᠭᠤᠯᠭᠠᠬᠤ᠂ ᠬᠦᠴᠦᠨ ᠢ ᠨᠢᠭᠲᠠᠷᠠᠭᠤᠯᠬᠤ︾ ᠦᠷ᠎ᠡ ᠪᠦᠲᠦᠮᠵᠢ ᠶᠢ  ᠴᠢᠨᠠᠭᠰᠢᠳᠠ   ᠨᠡᠮᠡᠭᠳᠡᠬᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠤᠬᠠᠭᠤᠯᠭ᠎ᠠ ᠶᠢᠨ ᠰᠠᠭᠤᠷᠢᠨ ᠭᠠᠵᠠᠷ︾ ᠪᠠ ︽ᠠᠷᠠᠳ ᠣᠯᠠᠨ ᠤ ᠭᠡᠷ︾᠎ ᠎ ᠤᠨ ᠦᠢᠯᠡᠳᠦᠯ ᠢ ᠨᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠡᠨᠡ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠤᠳᠤᠯᠭᠠᠨ ᠤ ᠲᠥᠪ ᠤᠨ ᠪᠠᠶᠢᠩᠭᠤ ᠶᠢᠨ ᠡᠷᠬᠢᠯᠡᠭᠴᠢ ᠸᠧᠢ ᡁᠢ ᠶᠦᠩ ᠢ ᠤᠷᠢᠵᠤ᠂ ᠰᠢᠰᠲ᠋ᠧᠮ ᠲᠠᠢ ᠤᠨᠤᠯ ᠤᠨ ᠮᠡᠳᠡᠯᠭᠡ ᠪᠠ  ᠠᠮᠢᠳᠤᠯᠢᠭ ᠦᠯᠢᠭᠡᠷ ᠵᠢᠱᠢᠶ᠎ᠡ ᠎ ᠶᠢ ᠤᠶᠠᠯᠳᠤᠭᠤᠯᠤᠨ᠂ ︽ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠲᠦᠰᠦᠪᠯᠡᠬᠦ ᠪᠠ ᠨᠠᠷᠠᠲᠤ ᠲᠡᠮᠳᠡᠭ ᠢ ᠪᠠᠶᠢᠭᠤᠯᠬᠤ︾  ᠲᠤᠬᠠᠢ ᠬᠢᠴᠢᠶᠡᠯ ᠤᠷᠤᠭᠤᠯᠵᠠᠢ  ᠃  ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠰᠠᠯᠪᠤᠷᠢ ᠶᠢᠨ ᠬᠠᠷᠢᠭᠤᠴᠠᠯᠭᠠᠲᠠᠨ᠂   ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号