ᠲᠠᠶᠢᠹᠤᠰᠧ ᠬᠤᠰᠢᠭᠤ ᠺᠠᠳ᠋ᠷ ᠤᠨ ᠬᠡᠪ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/25
    4 ᠰᠠᠷ᠎ᠠ ᠶᠢᠨ 23᠎ ᠤ ᠡᠳᠦᠷ᠂  ᠲᠠᠶᠢᠹᠤᠰᠧ ᠬᠤᠰᠢᠭᠤ ᠺᠠᠳ᠋ᠷ ᠤᠨ ᠬᠡᠪ ᠴᠢᠨᠠᠷ ᠬᠢᠷᠢ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ︱ ᠰᠢᠨ᠎ᠡ ᠺᠠᠳ᠋ᠷᠴᠤᠳ ᠤᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ︽  ᠬᠠᠷᠠᠭᠤᠯᠬᠤ ᠲᠡᠯᠬᠡᠬᠦ ᠰᠤᠷᠤᠯᠴᠠᠬᠤ︾ ᠠᠵᠢᠯᠯᠠᠭ᠎ᠠ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠶᠠᠪᠤᠭᠳᠠᠪᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ᠂  ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢ ᠯᠢ ᠵᠢᠶᠦ᠋ᠨ ᠵᠢᠴᠢ 2022 ᠣᠨ ᠤ 2 ᠰᠠᠷ᠎ᠠ᠂ 3 ᠰᠠᠷ᠎ᠠ᠂ 4 ᠰᠠᠷ᠎ᠠ ᠳᠤ ᠲᠤᠷᠰᠢᠨ ᠬᠡᠷᠡᠭᠯᠡᠬᠦ  ᠬᠤᠭᠤᠴᠠᠭ᠎ᠠ ᠨᠢ ᠲᠠᠭᠤᠰᠴᠤ ᠵᠢᠩᠬᠢᠨᠢ ᠪᠠᠷ ᠲᠤᠰᠢᠶᠠᠯ ᠡᠭᠦᠷᠭᠡᠯᠡᠭᠰᠡᠨ 35  ᠨᠡᠷ᠎ᠡ ᠰᠠᠯᠠᠭᠠᠨ ᠲᠠᠰ ᠤᠨ ᠤᠳᠤᠷᠢᠳᠬᠤ ᠺᠠᠳ᠋ᠷ ᠠᠵᠢᠯᠯᠠᠭ᠎ᠠ ᠳᠤ ᠣᠷᠣᠯᠴᠠᠵᠠᠢ᠃  ᠠᠵᠢᠯᠯᠠᠭᠠᠨ ᠤ ᠲᠤᠮᠳᠠ᠂ ᠤᠳᠤᠷᠢᠳᠬᠤ ᠺᠠᠳ᠋ᠷᠴᠤᠳ ᠠᠶᠤᠯᠲᠠᠢ ᠪᠠᠷ ᠲᠡᠷᠭᠡ ᠵᠢᠯᠣᠭᠤᠳᠤᠭᠰᠠᠨ ᠡᠷᠡᠭᠦᠦ ᠶᠢᠨ ᠬᠡᠷᠡᠭ ᠤᠨ ᠢᠯᠡ ᠰᠢᠬᠦᠯᠳᠡ ᠶᠢ ᠰᠤᠯᠠ  ᠰᠤᠨᠤᠰᠤᠨ᠂ ᠰᠡᠷᠡᠮᠵᠢ ᠶᠢᠨ ᠬᠥᠮᠦᠵᠢᠯ ᠬᠦᠷᠳᠡᠵᠦ᠂ ᠬᠠᠤᠯᠢ ᠴᠠᠭᠠᠵᠠ ᠶᠢᠨ ᠰᠦᠷ ᠬᠦᠴᠦᠨ ᠢ ᠮᠡᠳᠡᠷᠡᠭᠰᠡᠨ ᠪᠠᠶᠢᠨ᠎ᠠ᠃  ᠶᠠᠷᠢᠯᠴᠠᠬᠤ ᠬᠤᠷᠠᠯ ᠳᠡᠭᠡᠷ᠎ᠡ᠂  ᠤᠳᠤᠷᠢᠳᠬᠤ ᠺᠠᠳ᠋ᠷ ᠤᠨ ᠲᠥᠯᠥᠭᠡᠯᠡᠭᠴᠢ ᠨᠠᠷ ᠠᠴᠠ ᠨᠢᠭᠡ ᠵᠢᠯ ᠤᠨ ᠲᠤᠷᠰᠢᠬᠢ  ᠡᠬᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠠᠵᠢᠯ ᠤᠨ ᠠᠮᠵᠢᠯᠲᠠ ᠪᠦᠲᠦᠮᠵᠢ  ᠬᠢᠭᠡᠳ ᠣᠷᠣᠰᠢᠵᠤ ᠪᠠᠶᠢᠭ᠎ᠠ ᠵᠦᠷᠢᠶ᠎ᠡ ᠲᠤᠳᠠᠭᠳᠠᠯ ᠢᠶᠠᠨ ᠮᠡᠳᠡᠬᠦᠯᠦᠭᠰᠡᠨ ᠤ ᠬᠠᠮᠳᠤ᠂  ᠬᠤᠶᠢᠰᠢᠳᠠ ᠶᠢᠨ ᠠᠵᠢᠯ ᠢ ᠰᠠᠶᠢᠨ ᠬᠢᠬᠦ ᠲᠤᠬᠠᠢ ᠣᠪᠣᠷ ᠢᠶᠠᠨ ᠢᠯᠡᠳᠬᠡᠪᠠ᠃ ᠯᠢ ᠴᠦᠨ ᠭᠤᠸᠠᠩ ᠤᠳᠤᠷᠢᠳᠬᠤ ᠺᠠᠳ᠋ᠷᠴᠤᠳ ᠤᠨ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠳᠠᠯᠠᠭᠰᠠᠨ ᠤ ᠬᠠᠮᠲᠤ᠂ ︽ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠲᠡᠭᠡᠭᠰᠢᠯᠡᠬᠦᠯᠬᠦ  ᠂  ᠦᠨᠡᠨᠬᠦ ᠠᠳᠬᠤᠨ ᠪᠣᠳᠠᠲᠠᠢ ᠠᠵᠢᠯᠯᠠᠵᠤ᠂ᠬᠠᠷᠢᠭᠤᠴᠠᠯᠭ᠎ᠠ ᠡᠭᠦᠷᠭᠡᠯᠡᠨ ᠵᠣᠷᠢᠭᠲᠠᠢ ᠠᠵᠢᠯᠯᠠᠬᠤ  ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠶᠢ ᠪᠠᠲᠤᠯᠠᠬᠤ  ︾᠎ ᠲᠠᠢ ᠤᠶᠠᠯᠳᠤᠭᠤᠯᠤᠨ ᠱᠠᠭᠠᠷᠳᠠᠯᠭ᠎ᠠ ᠳᠤᠷᠠᠳᠴᠤ᠂ ᠯᠢ ᠯᠢ ᠵᠢᠶᠦ᠋ᠨ ᠰᠢᠭᠦᠬᠦ ᠬᠤᠷᠢᠶᠠᠨ ᠤ ᠦᠨᠳᠦᠰᠦᠨ ᠪᠠᠶᠢᠳᠠᠯ ᠪᠣᠯᠣᠨ ᠲᠡᠷᠢᠭᠦᠨ ᠤ ᠠᠵᠢᠯ ᠤᠨ ᠲᠤᠷᠰᠢᠯᠭ᠎ᠠ ᠎ ᠪᠠᠨ  ᠲᠠᠨᠢᠯᠴᠠᠭᠤᠯᠵᠠᠢ᠃ ᠳᠠᠷᠠᠭ᠎ᠠ ᠪᠠᠷ ᠨᠢ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠰᠢᠬᠦᠬᠦ ᠬᠤᠷᠢᠶᠠᠨ ᠤ ᠨᠠᠮ ᠤᠨ ᠲᠡᠦᠬᠡ ᠶᠢᠨ ᠦᠵᠡᠬᠦᠯᠬᠡ ᠶᠢᠨ ᠬᠤᠩᠬᠢᠯ  ᠂  ᠨᠠᠮ ᠤᠨ ᠪᠠᠶᠢᠭᠤᠯᠤᠯᠲᠠ  ᠎ ᠶᠢᠨ ᠦᠵᠡᠭᠦᠯᠦᠯᠭᠡ  ᠎ ᠶᠢᠨ ᠲᠢᠩᠬᠢᠮ᠂ ᠬᠠᠤᠯᠢ ᠰᠢᠨᠵᠢᠯᠡᠭᠡᠨ ᠤ ᠾᠦᠢ ᠶᠤᠸᠠᠨ ᠠᠵᠢᠯᠯᠠᠬᠤ ᠲᠠᠰᠤᠭ᠂ ᠣᠶᠤᠨᠴᠢ ᠳᠠᠩᠰᠠ ᠡᠪᠬᠡᠮᠡᠯ ᠤᠨ ᠲᠠᠰᠤᠭ᠂  ᠨᠣᠮ ᠤᠨ ᠰᠠᠩ᠂ ᠭᠦᠢᠴᠡᠳᠬᠡᠬᠦ ᠠᠵᠢᠯ ᠢ ᠵᠢᠯᠤᠭᠤᠳᠬᠤ ᠲᠥᠪ ᠵᠡᠷᠭᠡ  ᠎ ᠶᠢ ᠲᠣᠭᠤᠷᠢᠨ ᠦᠵᠡᠪᠡ᠃  ᠠᠵᠢᠯᠯᠠᠭ᠎ᠠ ᠎ ᠳᠤ ᠤᠷᠤᠯᠴᠠᠭᠰᠠᠨ ᠤᠳᠤᠷᠢᠳᠬᠤ ᠺᠠᠳ᠋ᠷᠴᠤᠳ ︽ᠰᠢᠭᠦᠬᠦ ᠬᠤᠷᠢᠶᠠᠨ ᠤ ᠲᠡᠷᠢᠭᠦᠨ ᠤ ᠠᠷᠭ᠎ᠠ ᠲᠤᠷᠰᠢᠯᠭ᠎ᠠ ᠶᠢ ᠰᠤᠷᠤᠯᠴᠠᠨ᠂  ᠲᠡᠷᠢᠭᠦᠨ ᠤ ᠬᠢ ᠠᠴᠠ ᠰᠤᠷᠤᠯᠴᠠᠵᠤ᠂ ᠲᠡᠷᠢᠭᠦᠨ ᠤ ᠬᠢ ᠲᠠᠢ ᠬᠠᠷᠢᠴᠠᠭᠤᠯᠤᠨ᠂ ᠲᠡᠷᠢᠭᠦᠨ ᠤ ᠬᠢ ᠪᠣᠯᠬᠤ ᠪᠠᠷ ᠴᠢᠷᠮᠠᠶᠢᠨ᠎ᠠ︾ ᠭᠡᠵᠦ  ᠢᠯᠡᠷᠭᠡᠶᠢᠯᠡᠵᠡᠭᠡᠵᠦ ᠪᠠᠶᠢᠯ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号