ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/25
   4 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠵᠡᠢ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠢᠶᠧ ᠶᠢᠨ ᠳ᠋ᠦᠩ ᠬᠤᠷᠠᠯ ᠤᠨ ᠶᠠᠷᠢᠶᠠᠨ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠨ᠂ ᠬᠠᠷᠢᠭᠤᠴᠠᠯᠭ᠎ᠠ ᠡᠬᠦᠷᠭᠡᠯᠡᠬᠦ ᠶᠢ ᠴᠢᠩᠭᠠᠳᠬᠠᠵᠤ᠂ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠠᠮᠵᠢᠯᠳᠠ ᠲᠠᠢ ᠶᠠᠪᠤᠭᠳᠠᠬᠤ ᠶᠢ ᠪᠠᠳᠤᠯᠠᠨ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ  ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠴᠦᠨ ᠭᠤᠸᠠᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ  ᠤᠯᠭᠤᠬᠤ ᠵᠢᠴᠢ ᠪᠠᠶᠢᠴᠠᠭᠠᠯᠳᠠ  ᠶᠢᠨ ᠠᠵᠢᠯ ᠡᠭᠦᠷᠭᠡ ᠢ ᠬᠤᠪᠢᠶᠠᠷᠢᠯᠠᠭᠰᠠᠨ ᠲᠤᠬᠠᠢ ᠲᠣᠭᠲᠠᠭᠠᠯ ᠢ ᠨᠡᠶᠢᠳᠡᠯᠡᠪᠡ᠃  ᠬᠤᠰᠢᠭᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠳ᠂  ᠲᠤᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ᠂  ᠪᠠᠶᠢᠴᠠᠭᠠᠭᠳᠠᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂  ᠲᠤᠭᠤᠷᠢᠨ ᠪᠠᠶᠢᠴᠠᠭᠠᠬᠤ ᠠᠵᠢᠯ ᠤᠨ ᠬᠠᠮᠵᠢᠯᠴᠠᠭᠠᠨ ᠤ ᠲᠣᠭᠲᠠᠴᠠ ᠶᠢᠨ ᠭᠡᠰᠢᠬᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号