ᠲᠠᠶᠢᠹᠤᠰᠧ ᠬᠤᠰᠢᠭᠤ ᠤᠯᠠᠨ ᠠᠷᠭ᠎ᠠ ᠶᠢ ᠵᠡᠷᠭᠡᠪᠡᠷ ᠭᠡᠷᠡᠭᠯᠡᠵᠦ ᠬᠠᠪᠤᠷ ᠤᠨ ᠲᠠᠷᠢᠶᠠᠯᠠᠭ᠎ᠠ ᠳᠠᠭᠠᠨ ᠰᠠᠶᠢᠳᠤᠷ ᠪᠡᠯᠡᠳᠭᠡᠨ᠎ᠡ
ᠨᠡᠶᠢᠲᠡᠯᠡᠭᠰᠡᠨ ᠴᠠᠭ᠄
2023/4/25
   ᠣᠶᠢᠷ᠎ᠠ ᠳᠤ ᠥᠪᠥᠷ ᠮᠣᠩᠭᠤᠯ ᠤᠨ ᠭᠧ ᠷᠦᠢ ᠳ᠋ᠧ ᠲᠥᠮᠥᠰᠥᠨ ᠤ  ᠦᠢᠯᠡᠰ ᠤᠨ ᠬᠢᠵᠠᠭᠠᠷᠲᠤ ᠺᠣᠮᠫᠠᠨᠢ ᠶᠢᠨ  ᠬᠢᠨ ᠮᠡᠷᠭᠡᠵᠢᠯ ᠤᠨ ᠠᠵᠢᠯᠲᠠᠳ ᠢᠶᠠᠨ ᠵᠤᠬᠢᠶᠠᠨ ᠪᠠᠶᠢᠭᠤᠯᠵᠤ ᠲᠥᠮᠥᠰᠥᠨ ᠤ ᠦᠷ᠎ᠡ ᠪᠤᠶᠢᠵᠢᠭᠤᠯᠬᠤ ᠠᠵᠢᠯ ᠳᠠᠭᠠᠨ ᠶᠠᠭᠠᠷᠠᠵᠠᠭᠠᠨ᠂ ᠬᠠᠪᠤᠷ ᠤᠨ ᠲᠠᠷᠢᠶᠠᠯᠠᠭ᠎ᠠ ᠳᠠᠭᠠᠨ ᠪᠦᠷᠢᠨ ᠪᠡᠯᠡᠳᠬᠡᠯ ᠬᠢᠵᠦ ᠪᠠᠶᠢᠨ᠎ᠠ᠃  ᠨᠢᠳᠤᠨᠤᠨ ᠤ 8 ᠰᠠᠷ᠎ᠠ ᠠᠴᠠ ᠡᠨᠡ ᠵᠢᠯ ᠤᠨ 6 ᠰᠠᠷ᠎ᠠ ᠪᠣᠯᠲᠠᠯ᠎ᠠ ᠨᠡᠶᠢᠲᠡ 6000 ᠲᠦᠮᠡᠨ ᠲᠦᠮᠦᠰᠦᠨ ᠤ ᠦᠷ᠎ᠡ  ᠪᠤᠶᠢᠵᠢᠭᠤᠯᠬᠤ ᠲᠦᠰᠦᠪ ᠲᠠᠢ ᠭᠡᠵᠦ ᠦᠷ᠎ᠡ ᠪᠤᠶᠢᠵᠢᠭᠤᠯᠬᠤ ᠲᠦᠪ ᠤᠨ ᠲᠠᠭᠠᠭᠠᠮᠠᠯ ᠯᠢ ᠮᠧᠩ ᠮᠧᠩ ᠲᠠᠨᠢᠯᠴᠠᠭᠤᠯᠵᠠᠢ᠃ ᠲᠤᠯᠠᠭᠠᠨ ᠬᠦᠯᠡᠮᠵᠢ ᠳᠤ᠂ ᠠᠵᠢᠯᠴᠢᠳ ᠲᠦᠮᠦᠰᠦᠨ ᠤ ᠦᠷ᠎ᠡ ᠶᠢ ᠵᠠᠶᠢᠯᠠᠵᠤ ᠤᠰᠤᠯᠠᠬᠤ  ᠠᠵᠢᠯ ᠳᠤ ᠤᠨᠠᠭᠰᠠᠨ ᠮᠠᠯᠠᠭᠠᠢ ᠰᠢᠬᠦᠷᠬᠦ ᠵᠠᠪ ᠦᠬᠡᠢ ᠶᠠᠭᠠᠷᠠᠯᠳᠤᠨ᠂ ᠠᠵᠢᠯ ᠤᠨ ᠠᠯᠬᠤᠮ ᠶᠠᠪᠤᠴᠠ ᠨᠢᠬᠡᠪᠦᠷᠢ ᠶᠢ ᠨᠠᠷᠢᠨ ᠨᠢᠮᠪᠠᠢ ᠪᠡᠶᠡᠯᠡᠬᠦᠯᠵᠦ ᠪᠠᠶᠢᠯ᠎ᠠ᠃        ︽ᠵᠢᠯ ᠤᠨ ᠠᠵᠢᠯ ᠬᠠᠪᠤᠷ ᠲᠠᠭᠠᠨ︾ ᠭᠡᠳᠡᠭ ᠢᠶᠠᠷ᠂ 2023 ᠣᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠨ ᠬᠢᠬᠦ ᠶᠢᠨ ᠲᠥᠯᠥᠭᠡ᠂  ᠲᠠᠶᠢᠹᠤᠰᠧ ᠬᠤᠰᠢᠭᠤᠨ ᠤ ᠬᠢᠨ ᠡᠷᠲᠡ ᠠᠴᠠ ᠠᠷᠭ᠎ᠠ ᠪᠤᠳᠤᠵᠤ ᠂ ᠡᠷᠲᠡ ᠠᠴᠠ ᠠᠵᠢᠯ ᠢ ᠪᠠᠶᠢᠷᠢᠯᠠᠭᠤᠯᠤᠨ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠡᠵᠡᠩᠨᠡᠯᠲᠡ ᠶᠢᠨ ᠭᠤᠣᠯ ᠴᠣᠭᠴᠠ ᠳᠤ ᠭᠦᠨᠵᠡᠭᠡᠶᠢᠷᠡᠭᠦᠯᠦᠨ᠂ ᠲᠠᠷᠢᠶᠠᠴᠢᠨ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ  ᠵᠢᠯᠤᠭᠤᠳᠬᠤ ᠪᠠ  ᠱᠠᠭᠠᠷᠳᠠᠵᠤ ᠪᠠᠶᠢᠭᠠᠳ ᠲᠠᠷᠢᠶᠠᠯᠠᠭ᠎ᠠ ᠶᠢᠨ ᠪᠡᠯᠡᠳᠬᠡᠯ᠂  ᠦᠢᠯᠡᠳᠪᠦᠷᠢᠯᠡᠯ ᠤᠨ ᠬᠡᠷᠡᠭᠰᠡᠯ  ᠨᠥᠭᠡᠴᠡᠯᠡᠬᠦ ᠠᠵᠢᠯ ᠢ ᠰᠠᠶᠢᠲᠤᠷ ᠬᠢᠯᠭᠡᠵᠦ᠂ ᠬᠡᠷᠡᠭᠴᠡᠭᠡ ᠱᠠᠭᠠᠷᠳᠠᠯᠭ᠎ᠠ ᠶᠢᠨ ᠳᠤᠲᠠᠭᠤᠳᠠᠯ ᠢ ᠰᠤᠳᠤᠯᠤᠨ᠂  ᠵᠦᠬᠡᠬᠡᠪᠦᠷᠢᠯᠡᠨ ᠤᠷᠤᠭᠤᠯᠬᠤ ᠠᠵᠢᠯ ᠢ ᠴᠢᠩᠭᠠᠳᠬᠠᠵᠤ᠂  ᠲᠠᠷᠢᠶᠠᠴᠢᠳ ᠲᠤ ᠰᠠᠨᠠᠭ᠎ᠠ ᠠᠮᠤᠷ ᠦᠢᠯᠡᠳᠪᠦᠷᠢᠯᠡᠯ ᠤᠨ ᠬᠡᠷᠡᠭᠰᠡᠯ ᠢ ᠬᠠᠩᠭᠠᠵᠠᠢ᠃  ᠣᠳᠣᠬᠠᠨ ᠳᠤ᠂  ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ 8.49 ᠲᠦᠮᠡᠨ ᠲᠣᠨ ᠨᠥᠭᠡᠴᠡᠯᠡᠵᠦ᠂ ᠡᠭᠦᠨ ᠳᠤ ᠬᠢᠮᠢ ᠶᠢᠨ ᠪᠣᠷᠳᠣᠭᠤᠷ  0.42 ᠲᠦᠮᠡᠨ ᠲᠣᠨ  ᠂ ᠲᠠᠷᠢᠶᠠᠨ ᠦᠷ᠎ᠡ 8 ᠲᠦᠮᠡᠨ ᠲᠣᠨ᠂  ᠰᠦᠯᠢᠶᠤᠤ ᠪᠦᠷᠬᠦᠪᠴᠢ 393 ᠲᠣᠨ  ᠨᠦᠬᠡᠴᠡᠯᠡᠭᠰᠡᠨ ᠪᠦᠭᠡᠳ ᠪᠥᠬᠦ ᠬᠤᠰᠢᠭᠤᠨ ᠤ ᠡᠯ᠎ᠡ ᠬᠤᠳᠠᠯᠳᠤᠭᠠᠨ ᠤ ᠭᠠᠵᠠᠷ ᠨᠢ ᠴᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠶᠠᠭ ᠡᠮᠬᠢ ᠵᠢᠷᠤᠮ ᠲᠠᠢ ᠪᠠᠷ ᠵᠦᠬᠡᠬᠡᠪᠦᠷᠢᠯᠡᠨ ᠣᠷᠣᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠪᠠᠳᠤᠯᠠᠵᠤ ᠪᠠᠶᠢᠨ᠎ᠠ᠃ ᠡᠭᠦᠨ ᠤ ᠬᠠᠮᠲᠤ ︽ᠲᠥᠪ ᠤᠨ 1 ᠳ᠋ᠤᠬᠡᠷ ᠲᠣᠭᠠᠲᠤ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠤᠬᠠᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ᠂ ᠲᠥᠮᠥᠰᠥ᠂ ᠡᠷᠳᠡᠨᠢ ᠰᠢᠰᠢ ᠶᠢᠨ ᠨᠥᠬᠦᠪᠦᠷᠢ᠂ ᠠᠮᠤ ᠪᠤᠳᠠᠭᠠᠨ ᠤ ᠲᠠᠷᠢᠮᠠᠯ ᠤᠨ ᠨᠥᠬᠦᠪᠦᠷᠢ ᠵᠡᠷᠭᠡ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠳᠤ ᠲᠦᠰᠢᠭᠯᠡᠨ᠂ ᠥᠷᠭᠡᠨ ᠣᠯᠠᠨ ᠲᠠᠷᠢᠶᠠᠴᠢᠨ ᠡᠷᠦᠬᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠠᠮᠤ ᠪᠤᠳᠠᠭᠠᠨ ᠤ ᠦᠢᠯᠡᠳᠪᠦᠷᠢᠯᠡᠯ ᠢ ᠥᠷᠭᠡᠳᠬᠡᠵᠦ᠂ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠨ ᠬᠢᠵᠦ ᠂ ᠲᠠᠷᠢᠮᠠᠯ ᠤᠨ ᠠᠰᠢᠭ ᠣᠷᠣᠯᠭ᠎ᠠ ᠶᠢ ᠨᠡᠮᠡᠭᠳᠡᠬᠦᠯᠬᠦ ᠳᠤ ᠰᠠᠭᠤᠷᠢ ᠶᠢ ᠰᠠᠶᠢᠨ ᠲᠠᠯᠪᠢᠵᠤ ᠪᠠᠶᠢᠨ᠎ᠠ᠃ ᠣᠶᠢᠯᠠᠭᠠᠭᠰᠠᠨ ᠢᠶᠠᠷ᠂ 2023 ᠣᠨ ᠳᠤ ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ 158.46 ᠲᠦᠮᠡᠨ ᠮᠦ ᠳᠤ ᠬᠦᠷᠴᠦ᠂ ᠡᠭᠦᠨ ᠳᠤ ᠠᠮᠤ ᠪᠤᠳᠠᠭᠠᠨ ᠤ ᠲᠠᠷᠢᠮᠠᠯ 96 ᠲᠦᠮᠡᠨ ᠮᠦ᠂ ᠠᠵᠤ ᠠᠬᠤᠢ ᠶᠢᠨ ᠲᠠᠷᠢᠮᠠᠯ 32.1 ᠲᠦᠮᠡᠨ ᠮᠦ᠂ ᠡᠪᠡᠰᠦ ᠪᠣᠷᠳᠤᠭ᠎ᠠ 30.36 ᠲᠦᠮᠡᠨ ᠮᠦ ᠳᠠᠷᠢᠬᠤ  ᠲᠦᠯᠦᠪ ᠲᠠᠢ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ 4 ᠰᠠᠷ᠎ᠠ ᠶᠢᠨ ᠳᠤᠮᠳᠠᠴᠢ ᠪᠠᠷ  ᠡᠬᠢᠯᠡᠬᠦ ᠪᠠᠷ ᠪᠠᠶᠢᠭ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号