ᠲᠠᠶᠢᠹᠤᠰᠧ ᠬᠤᠰᠢᠭᠤ ᠠᠶᠢᠮᠠᠭ ᠤᠨ ᠬᠢᠨᠠᠨ ᠵᠢᠯᠤᠭᠤᠳᠬᠤ ᠳᠤᠭᠤᠶᠢᠯᠠᠩ ᠳᠤ ᠬᠠᠷᠢᠭᠤ ᠮᠡᠳᠡᠬᠦᠯᠬᠦ ᠬᠤᠷᠠᠯ ᠬᠢᠪᠡ
ᠨᠡᠶᠢᠲᠡᠯᠡᠭᠰᠡᠨ ᠴᠠᠭ᠄
2023/4/26
    4 ᠰᠠᠷ᠎ᠠ ᠶᠢᠨ 24 ᠤ ᠡᠳᠦᠷ᠂  ᠲᠠᠶᠢᠹᠤᠰᠧ ᠬᠤᠰᠢᠭᠤ ᠠᠶᠢᠮᠠᠭ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠭᠰᠠᠨ ᠪᠠᠶᠢᠭᠤᠯᠤᠯᠲᠠ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠢᠨᠠᠨ ᠵᠢᠯᠤᠭᠤᠳᠬᠤ ᠳᠤᠭᠤᠶᠢᠯᠠᠩ ᠳᠤ ᠬᠠᠷᠢᠭᠤ ᠮᠡᠳᠡᠬᠦᠯᠬᠦ ᠬᠤᠷᠠᠯ ᠬᠢᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠳ᠋ᠦ᠋ ᠸᠧᠢ ᠬᠤᠷᠠᠯ ᠢ  ᠡᠷᠬᠢᠯᠡᠵᠡᠢ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ  ᠤᠳᠤᠬᠢᠴᠢᠯᠠᠭᠰᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠳ᠋ᠦ᠋ ᠸᠧᠢ ᠪᠥᠬᠦ ᠬᠤᠰᠢᠭᠤᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠭᠰᠠᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠲᠤᠰᠬᠠᠢ ᠳᠤᠭᠤᠶᠢᠯᠠᠩ ᠤᠨ ᠬᠢᠨ  ᠲᠤᠰᠪᠤᠷᠢ ᠠᠵᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ  ᠤᠨ ᠲᠤᠬᠠᠢ ᠬᠠᠷᠢᠭᠤ ᠮᠡᠳᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠳ᠋ᠦ᠋ ᠸᠧᠢ  ᠪᠦᠬᠦ ᠬᠤᠰᠢᠭᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠰᠤᠷᠭᠠᠨ ᠬᠥᠮᠦᠵᠢᠯ᠂ ᠮᠥᠩᠭᠦᠨ ᠬᠦᠢᠯᠭᠡᠭᠡ᠂ ᠵᠠᠬ᠎ᠠ ᠳᠡᠯᠭᠡᠭᠦᠷ ᠤᠨ ᠭᠦᠢᠯᠭᠡᠭᠡᠨ ᠤ ᠠᠵᠢᠯ ᠲᠦᠷᠦᠯ ᠤᠨ ᠪᠠᠶᠢᠳᠠᠯ ᠤᠨ ᠲᠤᠬᠠᠢ  ᠲᠤᠰᠪᠤᠷᠢ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠠᠶᠢᠮᠠᠭ ᠤᠨ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ  ᠤᠨ ᠪᠠᠶᠢᠩᠭᠤ ᠶᠢᠨ ᠳᠡᠳ᠋ ᠱᠦᠵᠢ ᠸᠠᠩ ᠸᠧᠨ ᠵᠢᠶᠧ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠭᠰᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠴᠢᠩᠭ᠎ᠠ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠨ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ  ᠤᠳᠤᠬᠢᠴᠢᠯᠠᠭᠰᠠᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠭᠡᠷᠡᠭᠳᠡᠢ  ᠃ ᠠᠵᠢᠯ  ᠡᠭᠦᠷᠭᠡ ᠪᠠᠨ ᠲᠣᠳᠣᠷᠬᠠᠶᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠬᠠᠤᠯᠢ  ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠵᠢᠯ ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠯᠳᠡ ᠶᠢ ᠦᠷᠭᠦᠯᠵᠢᠯᠡᠨ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠪᠡ᠃  ᠬᠤᠰᠢᠭᠤᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠭᠰᠠᠨ ᠪᠠᠶᠢᠭᠤᠯᠤᠯᠲᠠ ᠶᠢᠨ ᠠᠵᠢᠯ ᠤᠨ ᠡᠯ᠎ᠡ ᠲᠤᠰᠬᠠᠢ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号