ᠲᠠᠶᠢᠹᠤᠰᠧ ᠬᠤᠰᠢᠭᠤᠨ ᠤ ᠬᠢᠨ ᠴᠢᠰᠤ ᠬᠠᠨᠳᠢᠪᠯᠠᠬᠤ ᠠᠵᠢᠯᠯᠠᠭ᠎ᠠ ᠦᠷᠨᠢᠬᠦᠯᠦᠭᠰᠡᠨ
ᠨᠡᠶᠢᠲᠡᠯᠡᠭᠰᠡᠨ ᠴᠠᠭ᠄
2023/4/26
  ᠬᠠᠷᠠᠮ ᠦᠭᠡᠢ ᠵᠣᠷᠢᠭᠤᠯᠬᠤ᠂  ᠬᠠᠷᠢᠯᠴᠠᠨ ᠬᠠᠪᠰᠤᠷᠤᠯᠴᠠᠬᠤ᠂  ᠬᠠᠮᠳᠤᠪᠠᠷ ᠲᠠᠪᠰᠢᠬᠤ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠡᠮᠴᠢ ᠰᠤᠪᠢᠯᠠᠭᠴᠢᠳ ᠤᠨ ᠬᠠᠷᠠᠮ ᠦᠭᠡᠢ ᠵᠣᠷᠢᠭᠤᠯᠬᠤ ᠪᠠ ᠬᠠᠷᠢᠭᠤᠴᠠᠯᠭ᠎ᠠ ᠡᠭᠦᠷᠭᠡᠯᠡᠬᠦ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 24  ᠤ ᠡᠳᠦᠷ ᠲᠠᠶᠢᠹᠤᠰᠧ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠵᠥᠪᠯᠡᠯ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠺᠠᠳ᠋ᠷ ᠠᠵᠢᠯᠲᠠᠳ ᠢᠶᠠᠨ ᠵᠤᠬᠢᠶᠠᠨ ᠪᠠᠶᠢᠭᠤᠯᠵᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠦᠷᠨᠢᠬᠦᠯᠵᠡᠢ᠃ ᠦᠳᠡ ᠶᠢᠨ ᠡᠮᠦᠨᠡᠬᠢ 9 ᠴᠠᠭ ᠠᠴᠠ ᠡᠬᠢᠯᠡᠭᠡᠳ᠂ ᠴᠢᠰᠤ  ᠬᠠᠨᠳᠢᠪᠯᠠᠬᠤ  ᠬᠦᠮᠦᠰ ᠲᠠᠰᠤᠷᠠᠯ ᠦᠭᠡᠢ ᠴᠤᠪᠤᠷᠠᠨ᠂ ᠵᠠᠷᠢᠮ ᠨᠢ ᠠᠵᠢᠯ ᠤᠨ ᠴᠢᠯᠦᠭᠡ ᠵᠠᠪ ᠢᠶᠠᠷ ᠢᠶᠠᠨ ᠢᠷᠡᠵᠦ  ᠂ ᠵᠠᠷᠢᠮ ᠨᠢ ᠰᠥᠨᠢ   ᠶᠢᠨ ᠵᠢᠵᠢᠬᠦᠷ ᠠᠴᠠ ᠪᠠᠨ ᠪᠠᠭᠤᠮᠠᠭᠴᠠ ᠠᠮᠠᠷᠠᠵᠤ ᠠᠮᠵᠢᠯ ᠦᠭᠡᠢ ᠢᠷᠡᠵᠦ᠂ ᠵᠠᠷᠢᠮ  ᠨᠢ ᠴᠢᠰᠤ ᠪᠠᠨ  ᠦᠭᠴᠦ ᠪᠠᠷᠠᠮᠠᠭᠴᠠ ᠰᠡᠩᠳᠡ ᠮᠡᠩᠳᠡ ᠠᠵᠢᠯ ᠤᠨ ᠪᠠᠶᠢᠷᠢ ᠳᠠᠭᠠᠨ ᠪᠤᠴᠠᠵᠤ ᠪᠠᠶᠢᠯ᠎ᠠ᠃ ᠲᠡᠳᠡ ᠬᠡᠯᠡᠬᠦ ᠳᠡᠭᠡᠨ ︽ᠦᠨ᠎ᠡ ᠲᠥᠯᠥᠪᠦᠷᠢ ᠦᠭᠡᠢ ᠪᠠᠷ ᠴᠢᠰᠤ  ᠬᠠᠨᠳᠢᠪᠯᠠᠬᠤ ᠪᠣᠯ ᠠᠷᠠᠳ ᠢᠷᠭᠡᠨ ᠨᠢᠭᠡᠪᠦᠷᠢ   ᠶᠢᠨ ᠭᠦᠢᠴᠡᠳᠬᠡᠪᠡᠰᠦ ᠵᠣᠬᠢᠬᠤ ᠡᠭᠦᠷᠭᠡ  ᠪᠤᠯᠤᠨ᠎ᠠ᠂ ᠴᠢᠰᠤ ᠪᠣᠯ ᠡᠪᠡᠳᠴᠢᠨ ᠢ ᠵᠠᠰᠠᠵᠤ ᠡᠳᠡᠭᠡᠷᠡᠭᠦᠯᠦᠨ ᠲᠡᠩᠭᠡᠷᠡᠬᠦᠯᠬᠦ ᠳᠤ ᠲᠤᠳᠠᠵᠤ ᠪᠤᠯᠤᠰᠢ ᠦᠬᠡᠢ ᠴᠢᠬᠤᠯᠠ ᠡᠳ᠋ ᠭᠡᠳᠡᠭ ᠢ  ᠡᠮᠨᠡᠯᠭᠡ   ᠶᠢᠨ ᠠᠵᠢᠯᠲᠠᠨ ᠪᠣᠯᠤᠭᠰᠠᠨ ᠤ ᠬᠤᠪᠢ ᠳᠤ ᠰᠠᠶᠢᠨ ᠮᠡᠳᠡᠳᠡᠭ ᠪᠣᠯᠬᠤᠷ  ᠪᠢᠳᠡ ᠢᠳᠡᠪᠬᠢᠲᠡᠢ ᠪᠠᠷ ᠲᠦᠷᠦᠭᠦᠯᠡᠨ ᠤᠷᠤᠯᠴᠠᠬᠤ ᠦᠬᠡᠢ ᠶᠠᠭᠠᠬᠢᠬᠤ ᠪᠤᠢ ︾ ᠭᠡᠵᠡᠬᠡᠨ᠎ᠡ᠃ ᠮᠠᠰᠢ ᠤᠯᠠᠨ ᠡᠮᠴᠢ ᠰᠤᠪᠢᠯᠠᠭᠴᠢ ᠶᠢᠨ ᠭᠡᠷ ᠪᠦᠯᠢ ᠶᠢᠨ ᠬᠢᠨ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ ᠴᠦ ᠴᠢᠰᠤ ᠬᠠᠨᠳᠢᠪᠯᠡᠬᠤ ᠡᠩᠨᠡᠭᠡᠨ ᠳᠤ ᠤᠷᠤᠵᠠᠭᠠᠭᠰᠠᠨ ᠪᠠᠶᠢᠯ᠎ᠠ᠃ ᠲᠡᠳᠡᠨ ᠤ ᠳᠣᠲᠣᠷ᠎ᠠ  ᠵᠢᠯ ᠳᠠᠷᠠᠭᠠᠯᠠᠨ ᠴᠢᠰᠤ ᠬᠠᠨᠳᠢᠪᠯᠡᠬᠤ ᠠᠵᠢᠯᠯᠠᠭ᠎ᠠ ᠳᠤ ᠣᠷᠣᠯᠴᠠᠭᠰᠠᠨ ︽ ᠬᠠᠰᠢᠷ ᠭᠠᠷ︾ ᠪᠤᠢ᠂  ᠠᠩᠬ᠎ᠠ ᠤᠳᠠᠭ᠎ᠠ  ᠴᠢᠰᠤ ᠪᠠᠨ ᠦᠭᠴᠦ ᠪᠠᠶᠢᠭ᠎ᠠ ︽ᠰᠢᠨ᠎ᠡ ᠬᠦᠮᠦᠨ︾ ᠴᠤ ᠪᠤᠢ᠃ ᠲᠡᠳᠡ ᠡᠮᠴᠢ ᠰᠤᠪᠢᠯᠠᠭᠴᠢᠳ ᠤᠨ ᠵᠢᠯᠣᠭᠤᠳᠤᠯᠭ᠎ᠠ ᠳᠣᠣᠷ᠎ᠠ᠂ ᠨᠡᠷ᠎ᠡ ᠪᠠᠨ ᠲᠠᠩᠰᠠᠯᠠᠭᠤᠯᠬᠤ᠂ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠬᠤ᠂  ᠰᠢᠭᠰᠢᠨ ᠪᠠᠶᠢᠴᠠᠭᠠᠬᠤ᠂ ᠴᠢᠰᠤ ᠠᠪᠬᠤ ᠵᠡᠷᠭᠡ  ᠪᠦᠬᠦᠶᠢᠯᠡ ᠶᠠᠪᠤᠴᠠ   ᠶᠢ ᠡᠮᠬᠢ ᠵᠠᠮᠪᠠᠷᠠᠭ᠎ᠠ ᠲᠠᠢ ᠪᠡᠶᠡᠯᠡᠬᠦᠯᠦᠨ᠎ᠡ᠃ ᠡᠶᠢᠨ ᠬᠦ᠋᠂  ᠦᠳᠡ ᠶᠢᠨ 12 ᠴᠠᠭ ᠪᠣᠯᠲᠠᠯ᠎ᠠ ᠪᠦᠭᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠠᠵᠢᠯᠲᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠳᠡᠨ 200 ᠭᠠᠷᠤᠢ  ᠬᠦᠮᠦᠨ  ᠴᠢᠰᠤ ᠬᠠᠨᠳᠢᠪᠯᠠᠬᠤ ᠠᠵᠢᠯᠯᠠᠭ᠎ᠠ ᠳᠤ ᠣᠷᠣᠯᠴᠠᠵᠤ᠂ ᠬᠠᠨᠳᠢᠪ ᠤᠨ ᠬᠡᠮᠵᠢᠶ᠎ᠡ 40000 ᠮᠢᠯᠢᠯᠢᠲᠷ ᠲᠤ ᠬᠦᠷᠴᠡᠢ᠃ ᠡᠨᠡ ᠤᠳᠠᠭᠠᠨ ᠤ ᠴᠢᠰᠤ ᠬᠠᠨᠳᠢᠪᠯᠡᠬᠤ ᠠᠵᠢᠯᠯᠠᠭ᠎ᠠ ᠪᠠᠷ ᠲᠠᠮᠵᠢᠭᠠᠳ᠂  ᠪᠦᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠤ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠤᠯᠠᠮ ᠴᠢᠩᠭᠠᠳᠬᠠᠵᠤ᠂ ᠡᠮᠨᠡᠯᠭᠡ ᠶᠢᠨ ᠠᠵᠢᠯᠲᠠᠨ ᠤ ᠵᠣᠷᠢᠭᠲᠠᠢ ᠪᠠᠷ ᠬᠠᠷᠢᠭᠤᠴᠠᠯᠭ᠎ᠠ ᠡᠬᠦᠷᠭᠡᠯᠡᠨ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ ᠰᠢᠯᠢᠳᠡᠭ ᠤᠯᠠᠮᠵᠢᠯᠠᠯ ᠢ ᠢᠯᠡᠷᠡᠬᠦᠯᠦᠭᠰᠡᠨ ᠪᠠᠶᠢᠨ᠎ᠠ᠃  ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ ᠤᠨ ᠵᠥᠪᠯᠡᠯ ᠨᠢ ᠦᠷᠭᠦᠯᠵᠢᠯᠡᠨ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠰᠠᠶᠢᠵᠢᠷᠠᠭᠤᠯᠬᠤ ᠪᠠᠷ ᠠᠵᠠ ᠲᠣᠬᠢᠶᠠᠯ ᠪᠤᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ  ︽ᠡᠷᠡᠬᠦᠯ ᠡᠩᠬᠡ ᠶᠢᠨ ᠡᠯᠴᠢ︾   ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠭᠦᠯ ᠡᠩᠬᠡ ᠲᠠᠶᠢᠹᠤᠰᠧ ᠬᠤᠰᠢᠭᠤᠨ ᠤ  ᠪᠠᠶᠢᠭᠤᠯᠤᠯᠲᠠ ᠳᠤ ᠬᠦᠴᠦᠨ ᠴᠢᠳᠠᠯ ᠢᠶᠠᠨ ᠨᠡᠮᠡᠷᠢᠯᠡᠬᠦ ᠪᠤᠯᠤᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号