ᠲᠠᠶᠢᠹᠤᠰᠧ ᠬᠤᠰᠢᠭᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/4/26
     4 ᠰᠠᠷ᠎ᠠ ᠶᠢᠨ 21 ᠤ ᠡᠳᠦᠷ᠂ ᠲᠠᠶᠢᠹᠤᠰᠧ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ 2023 ᠣᠨ ᠤ 2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠵᠢᠶᠠᠨ ᠴᠢᠩ ᠡᠷᠭᠢᠯᠡᠵᠦ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠥᠷᠥᠯ ᠵᠦᠢᠯ ᠤᠨ ᠬᠢᠨᠠᠨ ᠬᠠᠮᠢᠶᠠᠷᠬᠤ ᠰᠠᠯᠠᠭ᠎ᠠ ᠮᠦᠴᠢᠷ ᠵᠢᠴᠢ ᠡᠯ᠎ᠡ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  ᠬᠤᠷᠠᠯ ᠲᠡᠭᠡᠷ᠎ᠡ᠂ ᠤᠳᠤᠷᠢᠳᠤᠯᠭ᠎ᠠ ᠨᠠᠷ ᠠᠴᠠ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠭᠰᠡᠨ ᠪᠦᠭᠡᠳ ᠡᠯ᠎ᠡ ᠪᠠᠷᠢᠯᠭ᠎ᠠ ᠶᠢᠨ ᠨᠢᠭᠡᠴᠡ ᠶᠢ ᠴᠠᠭ ᠢ ᠵᠠᠪᠳᠤᠨ ᠠᠵᠢᠯᠯᠠᠵᠤ᠂ ᠠᠵᠢᠯ ᠤᠨ ᠠᠬᠢᠴᠠ ᠶᠢ ᠪᠠᠳᠤᠯᠠᠨ᠂ 4 ᠰᠠᠷ᠎ᠠ ᠶᠢᠨ 25 ᠤ ᠡᠳᠦᠷ ᠠᠴᠠ ᠡᠮᠦᠨ᠎ᠡ ᠡᠷᠬᠡᠪᠰᠢ ᠭᠤᠣᠯ ᠪᠠᠷᠢᠯᠭ᠎ᠠ ᠶᠢ ᠲᠠᠭᠤᠰᠬᠠᠨ᠂ ᠡᠯ᠎ᠡ ᠲᠥᠷᠥᠯ ᠵᠦᠢᠯ ᠤᠨ ᠤᠷᠤᠨ ᠤ ᠲᠣᠭᠲᠠᠭᠰᠠᠨ ᠬᠤᠭᠤᠴᠠᠭᠠᠨ ᠳᠠᠭᠠᠨ ᠲᠠᠷᠢᠵᠤ  ᠂ ᠲᠠᠷᠢᠶᠠᠯᠠᠭ᠎ᠠ ᠶᠢᠨ ᠴᠠᠭ ᠬᠤᠴᠤᠷᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠪᠠᠷᠢᠯᠭ᠎ᠠ ᠶᠢᠨ ᠨᠢᠬᠡᠴᠡ᠂ ᠬᠢᠨᠠᠨ ᠬᠠᠮᠢᠶᠠᠷᠬᠤ ᠨᠢᠭᠡᠴᠡ ᠶᠢᠨ ᠬᠠᠷᠢᠭᠤᠴᠠᠯᠭᠠᠲᠠᠨ ᠠᠴᠠ ᠣᠳᠣᠬᠠᠨ ᠤ ᠪᠠᠷᠢᠯᠭ᠎ᠠ ᠶᠢᠨ ᠠᠬᠢᠴᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠤ ᠬᠠᠮᠲᠤ ᠢᠳᠡᠪᠬᠢᠲᠡᠢ ᠪᠠᠷ ᠣᠪᠣᠷ ᠢᠶᠠᠨ ᠢᠯᠡᠳᠬᠡᠵᠦ᠂ ᠬᠦᠴᠢᠷ ᠪᠡᠷᠬᠡᠰᠢᠶᠡᠯ ᠢ ᠢᠯᠠᠨ  ᠂ ᠴᠠᠭ ᠮᠦᠴᠡ ᠲᠠᠢ ᠤᠷᠤᠯᠳᠤᠵᠦ᠂ 4 ᠰᠠᠷ᠎ᠠ ᠶᠢᠨ 25 ᠤ ᠡᠳᠦᠷ ᠠᠴᠠ ᠡᠮᠦᠨ᠎ᠡ ᠪᠤᠢ ᠪᠦᠬᠦᠢ ᠤᠰᠤᠯᠠᠯᠳᠠ ᠶᠢᠨ ᠲᠦᠬᠦᠭᠡᠷᠦᠮᠵᠢ   ᠶᠢ ᠤᠭᠰᠠᠷᠠᠨ᠂  5 ᠰᠠᠷ᠎ᠠ ᠶᠢᠨ ᠰᠡᠭᠦᠯᠴᠢ ᠪᠠᠷ ᠪᠥᠬᠦ ᠢᠨᠵᠧᠨᠧᠷᠢᠩ ᠢ ᠲᠠᠭᠤᠰᠬᠠᠬᠤ ᠪᠠᠷ ᠴᠢᠷᠮᠠᠶᠢᠨ᠎ᠠ ᠬᠡᠮᠡᠨ ᠢᠯᠡᠷᠭᠡᠶᠢᠯᠡᠵᠡᠢ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号