︽ᠪᠠᠶᠢᠴᠠᠭᠠᠯᠲᠠ + ᠪᠣᠯᠪᠠᠰᠤᠷᠠᠯ + ᠰᠣᠷᠢᠯᠲᠠ︾ ᠎ ᠪᠠᠷ ᠡᠮᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/4/27
    ᠡᠮᠴᠢᠯᠡᠭᠡᠨ ᠤ ᠪᠠᠶᠢᠭᠤᠯᠤᠮᠵᠢ ᠶᠢᠨ ᠭᠠᠯ ᠰᠡᠷᠭᠡᠶᠢᠯᠡᠬᠦ ᠠᠵᠢᠯ ᠢ ᠤᠯᠠᠮ ᠰᠠᠶᠢᠨ ᠬᠢᠵᠦ᠂  ᠬᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂  ᠡᠮᠨᠡᠯᠬᠡ ᠶᠢᠨ ᠠᠵᠢᠯᠲᠠᠨ ᠤ ᠭᠠᠯ ᠰᠡᠷᠭᠡᠶᠢᠯᠡᠬᠦ ᠤᠬᠠᠮᠰᠠᠷ ᠲᠠᠨᠢᠯᠳᠠ ᠪᠠ ᠬᠢᠷᠢ ᠴᠢᠳᠠᠪᠤᠷᠢ ᠶᠢ ᠪᠥᠬᠦ ᠲᠠᠯ᠎ᠠ ᠪᠠᠷ  ᠲᠡᠭᠡᠭᠰᠢᠯᠡᠬᠦᠯᠬᠦ ᠶᠢᠨ ᠲᠦᠯᠦᠭᠡ᠂ ᠣᠶᠢᠷ᠎ᠠ ᠳᠤ ᠲᠠᠶᠢᠹᠤᠰᠧ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠨᠵᠡᠬᠡᠶᠢᠷᠡᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ᠂ ᠭᠠᠯ  ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠡᠮᠴᠢᠯᠡᠭᠡᠨ ᠤ ᠪᠠᠶᠢᠭᠤᠯᠤᠮᠵᠢ ᠶᠢᠨ ᠭᠠᠯ  ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠲᠠᠯ᠎ᠠ ᠪᠠᠷ ᠪᠠᠬᠢᠵᠢᠬᠦᠯᠵᠦ ᠪᠠᠶᠢᠨ᠎ᠠ᠃  ᠶᠡᠭᠡ ᠠᠩᠭᠢ ᠶᠢᠨ ᠬᠢᠨ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ  ᠠᠰᠠᠭᠤᠨ ᠯᠠᠪᠯᠠᠬᠤ᠂  ᠪᠤᠳᠠᠳᠠᠢ ᠪᠠᠶᠢᠳᠠᠯ ᠢ ᠤᠶᠢᠯᠠᠭᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠳᠦᠷᠢᠮ ᠪᠣᠯᠣᠨ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠠᠶᠤᠯ  ᠎ ᠠᠴᠠ ᠵᠠᠶᠢᠯᠠᠬᠤ ᠵᠠᠮ ᠨᠢ ᠬᠠᠷᠰᠢ ᠰᠠᠭᠠᠳ ᠦᠭᠡᠢ ᠨᠡᠪᠳᠡᠷᠡᠭᠰᠡᠨ ᠡᠰᠡᠬᠦ᠂ ᠭᠠᠯ ᠤᠨᠲᠠᠷᠠᠭᠠᠬᠤ  ᠪᠠᠭᠠᠵᠢ ᠲᠦᠬᠦᠭᠡᠷᠦᠮᠵᠢ ᠨᠢ  ᠪᠠᠷᠢᠮᠵᠢᠶ᠎ᠠ ᠳᠤ ᠨᠡᠶᠢᠴᠡᠭᠰᠡᠨ ᠪᠥᠭᠡᠳ ᠪᠦᠷᠢᠨ ᠪᠦᠲᠦᠨ ᠡᠰᠡᠬᠦ ᠵᠡᠷᠭᠡ  ᠎ ᠳᠤ ᠭᠤᠣᠯᠳᠠᠯᠭ᠎ᠠ ᠲᠠᠢ ᠨᠠᠷᠢᠨ ᠪᠠᠶᠢᠴᠠᠭᠠᠯᠲᠠ ᠬᠢᠭᠰᠡᠨ ᠪᠦᠭᠡᠳ ᠣᠯᠵᠤ ᠮᠡᠳᠡᠭᠰᠡᠨ ᠠᠰᠠᠭᠤᠳᠠᠯ  ᠎ ᠳᠤ  ᠴᠢᠭᠯᠡᠬᠦᠯᠵᠦ ᠴᠡᠭᠴᠡᠯᠡᠨ ᠰᠠᠶᠢᠵᠢᠷᠠᠭᠤᠯᠬᠤ  ᠰᠠᠨᠠᠯ ᠢ ᠲᠤᠷᠠᠳᠤᠨ᠂  ᠬᠠᠪᠰᠤᠷᠤᠨ ᠰᠢᠢᠳᠪᠦᠷᠢᠯᠡᠬᠦ ᠪᠤᠶᠤ ᠬᠤᠭᠤᠴᠠᠭ᠎ᠠ ᠲᠤᠭᠳᠠᠵᠤ  ᠴᠡᠭᠴᠡᠯᠡᠨ  ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠴᠠᠢ᠃ ᠶᠡᠭᠡ ᠠᠩᠭᠢ ᠶᠢᠨ ᠤᠬᠠᠭᠤᠯᠬᠤ ᠠᠵᠢᠯᠳᠠᠳ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠭᠠᠯ ᠤᠨ ᠠᠶᠤᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠡᠮᠴᠢ ᠰᠤᠪᠢᠯᠠᠭᠴᠢᠳ ᠲᠤ ᠭᠠᠯ ᠤᠨ ᠠᠶᠤᠯ ᠤᠨ ᠬᠤᠣᠷ ᠬᠥᠨᠥᠭᠡᠯᠳᠦ ᠴᠢᠨᠠᠷ ᠵᠢᠴᠢ ᠭᠠᠯ ᠤᠨ ᠠᠶᠤᠯ ᠢ ᠲᠦᠷᠭᠡᠨ ᠮᠡᠳᠡᠬᠦᠯᠵᠦ ᠲᠦᠷᠭᠡᠨ ᠤᠨᠳᠠᠷᠠᠭᠠᠬᠤ᠂  ᠠᠶᠤᠯ ᠠᠴᠠ ᠵᠠᠶᠢᠯᠠᠵᠤ ᠠᠪᠤᠷᠠᠨ ᠲᠤᠰᠠᠯᠠᠬᠤ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠳᠠᠷᠠᠭ᠎ᠠ ᠪᠠᠷ ᠨᠢ ᠡᠮᠴᠢ ᠰᠤᠪᠢᠯᠠᠭᠴᠢᠳ ᠢ ᠵᠣᠬᠢᠶᠠᠨ ᠪᠠᠶᠢᠭᠤᠯᠵᠤ᠂ ᠭᠠᠯ ᠤᠨᠳᠠᠷᠠᠭᠠᠬᠤ ᠲᠠᠭᠤᠷᠢᠶᠠᠮᠠᠯ ᠰᠣᠷᠢᠯᠲᠠ ᠬᠢᠵᠦ᠂ ︽119︾  ᠎ ᠳᠤ ᠤᠳᠠᠰᠤᠳᠠᠵᠤ ᠭᠠᠯ ᠤᠨ ᠠᠶᠤᠯ ᠢ ᠮᠡᠳᠡᠬᠦᠯᠬᠦ᠂ ᠡᠪᠡᠳᠴᠢᠲᠡᠨ ᠪᠠ ᠡᠮᠨᠡᠯᠭᠡ ᠶᠢᠨ ᠠᠵᠢᠯᠲᠠᠳ ᠢ ᠡᠮᠬᠢ ᠳᠢᠭᠯᠢᠮ ᠲᠠᠢ  ᠎ ᠪᠠᠷ ᠠᠶᠤᠯ ᠠᠴᠠ ᠵᠠᠶᠢᠯᠠᠭᠤᠯᠬᠤ᠂  ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠢ ᠵᠤᠬᠢᠶᠠᠨ ᠪᠠᠶᠢᠭᠤᠯᠵᠤ ᠦᠷᠨᠢᠬᠦᠯᠬᠦ ᠵᠡᠷᠭᠡ ᠡᠯ᠎ᠡ ᠭᠤᠭᠴᠤᠭ᠎ᠠ ᠪᠦᠬᠦᠶᠢᠯᠡ ᠶᠠᠪᠤᠴᠠ ᠶᠢ ᠡᠮᠬᠢ ᠴᠡᠭᠴᠡ ᠲᠠᠢ ᠬᠠᠮᠵᠢᠯᠴᠠᠨ ᠪᠡᠶᠡᠯᠡᠬᠦᠯᠵᠦ᠂  ᠭᠡᠨᠡᠳᠲᠡ ᠶᠢᠨ ᠬᠡᠷᠡᠭ ᠢ ᠠᠷᠭᠠᠴᠠᠵᠤ ᠰᠢᠢᠳᠪᠦᠷᠢᠯᠡᠬᠦ  ᠬᠢᠷᠢ ᠴᠢᠳᠠᠪᠤᠷᠢ ᠶᠢ  ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号