ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/27
    4 ᠰᠠᠷ᠎ᠠ ᠶᠢᠨ 26 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠯᠢ ᠵᠠᠨ ᠷᠦᠢ ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃  ᠡᠨᠡ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 33 ᠬᠥᠮᠥᠨ᠂ ᠬᠤᠷᠠᠯ ᠳᠤ ᠪᠣᠳᠠᠲᠠᠢ ᠣᠷᠣᠯᠴᠠᠭᠰᠠᠨ ᠨᠢ 19 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠲᠤᠭ᠎ᠠ ᠳᠤ ᠨᠡᠶᠢᠴᠡᠵᠡᠢ᠃ ᠬᠤᠷᠠᠯ ᠲᠡᠭᠡᠷ᠎ᠡ᠂  ᠡᠨᠡ  ᠤᠳᠠᠭᠠᠨ ᠤ ᠬᠤᠷᠠᠯ ᠤᠨ ᠵᠥᠪᠯᠡᠬᠦ ᠵᠦᠢᠯ ︵ᠲᠥᠰᠥᠯ︶   ᠢ ᠪᠠᠲᠤᠯᠠᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠭᠰᠠᠨ ᠪᠠᠶᠢᠨ᠎ᠠ᠃ ᠬᠤᠷᠠᠯ ᠲᠡᠭᠡᠷ᠎ᠡ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠪᠠ᠃  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠸ ᠯᠢᠨ᠂ ᠦ᠋ ᠭᠤᠸᠠᠩ ᠹᠧᠩ᠂ ᠵᠠᠩ ᠸᠧᠨ ᠴᠠᠩ ᠬᠤᠷᠠᠯ ᠳᠤ ᠣᠷᠣᠯᠴᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶᠠᠨ ᠤ ᠬᠠᠷᠢᠭᠤᠴᠠᠯᠭᠠᠲᠠᠨ᠂ ᠶᠦᠩ ᠹᠧᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂  ᠬᠤᠰᠢᠭᠤ ᠱᠠᠳᠤᠨ ᠤ ᠬᠡᠰᠡᠭ ᠠᠷᠠᠳ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号