ᠲᠠᠶᠢᠹᠤᠰᠧ ᠬᠤᠰᠢᠭᠤᠨ ᠤ ᠬᠢᠨ ᠬᠥᠪᠡᠭᠡᠲᠦ ᠰᠢᠷ᠎ᠠ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠭᠰᠠᠨ
ᠨᠡᠶᠢᠲᠡᠯᠡᠭᠰᠡᠨ ᠴᠠᠭ᠄
2023/4/28
   ᠣᠶᠢᠷ᠎ᠠ ᠳᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠪᠠᠶᠢᠩᠭᠤ ᠶᠢᠨ ᠳᠡᠳ᠋ ᠱᠦᠵᠢ ᠶᠠᠩ ᠫᠧᠢ ᠴᠦᠨ ᠪᠦᠬᠦ ᠬᠤᠰᠢᠭᠤᠨ ᠤ ᠬᠤᠲᠠ ᠶᠢᠨ ᠭᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠡᠯ᠎ᠡ ᠠᠬᠢᠭᠤᠯᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ  ᠪᠠ ᠬᠤᠯᠪᠤᠭᠠᠴᠢᠳ ᠢ ᠵᠣᠬᠢᠶᠠᠨ ᠪᠠᠶᠢᠭᠤᠯᠵᠤ ᠬᠥᠪᠡᠭᠡᠲᠦ ᠰᠢᠷ᠎ᠠ ᠬᠤᠰᠢᠭᠤᠨ ᠳᠤ ᠬᠦᠷᠴᠦ ᠰᠢᠨᠵᠢᠯᠡᠨ ᠪᠠᠶᠢᠴᠠᠭᠠᠵᠤ ᠲᠤᠷᠰᠢᠯᠭ᠎ᠠ ᠰᠤᠯᠢᠯᠴᠠᠵᠠᠢ᠃ ᠰᠢᠨᠵᠢᠯᠡᠨ ᠪᠠᠶᠢᠴᠠᠭᠠᠬᠤ  ᠪᠦᠯᠬᠦᠮ ᠤᠨ ᠬᠢᠨ ᠬᠥᠪᠡᠭᠡᠲᠦ ᠰᠢᠷ᠎ᠠ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠳᠡᠳ᠋ ᠱᠦᠵᠢ ᠰᠦᠨ ᠮᠢᠩ ᠵᠢᠶᠦ᠋ᠨ ᠤ ᠬᠢᠭᠰᠡᠨ ᠬᠥᠪᠡᠭᠡᠲᠦ ᠰᠢᠷ᠎ᠠ ᠬᠤᠰᠢᠭᠤᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠪᠡᠭᠡᠲᠦ ᠰᠢᠷ᠎ᠠ ᠬᠤᠰᠢᠭᠤᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠠᠷᠭ᠎ᠠ ᠲᠤᠷᠰᠢᠯᠭ᠎ᠠ ᠶᠢ ᠰᠤᠷᠤᠯᠴᠠᠨ᠂ ︽ᠭᠠᠷ ᠤᠨ ᠠᠶ᠎ᠠ ᠪᠠᠷ ᠰᠡᠭᠦᠳᠡᠷᠯᠡᠬᠦ︾ ᠵᠢᠵᠢᠭ ᠫᠷᠣᠭ᠍ᠷᠠᠮ ᠤᠨ ᠭᠡᠷᠡᠭᠯᠡᠯᠳᠡ ᠶᠢᠨ ᠪᠠᠶᠢᠳᠠᠯ ᠢ ᠤᠶᠢᠯᠠᠭᠠᠭᠰᠠᠨ ᠤ ᠬᠠᠮᠳᠤ᠂ ᠬᠤᠶᠠᠷ ᠲᠠᠯ᠎ᠠ ᠪᠠᠷ ᠢᠶᠠᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠢ ᠬᠡᠷᠬᠢᠨ ᠰᠠᠶᠢᠲᠤᠷ ᠥᠷᠨᠢᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃ ᠰᠢᠨᠵᠢᠯᠡᠨ ᠪᠠᠶᠢᠴᠠᠭᠠᠵᠤ ᠲᠤᠷᠰᠢᠯᠭ᠎ᠠ ᠰᠤᠯᠢᠯᠴᠠᠬᠤ ᠪᠠᠷ ᠲᠠᠮᠵᠢᠭᠠᠳ᠂ ᠪᠦᠬᠦ ᠬᠤᠰᠢᠭᠤᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠠᠵᠢᠯ ᠤᠨ ᠰᠡᠳᠬᠢᠴᠡ ᠪᠠ ᠬᠠᠷᠠᠭ᠎ᠠ ᠶᠢ ᠥᠷᠭᠡᠳᠬᠡᠵᠦ᠂  ᠵᠦᠷᠢᠶ᠎ᠡ ᠲᠤᠳᠠᠭᠳᠠᠯ ᠢᠶᠠᠨ ᠨᠥᠬᠦᠪᠦᠷᠢᠯᠡᠬᠦ᠂  ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠠᠮᠲᠤᠪᠠᠷ ᠪᠠᠶᠢᠭᠤᠯᠵᠤ ᠬᠠᠮᠲᠤᠪᠠᠷ  ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠰᠠᠭᠤᠷᠢ ᠶᠢ  ᠲᠠᠯᠪᠢᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号