ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 28 ᠤ ᠡᠳᠦᠷ ᠪᠤᠯᠬᠤ ᠳᠤ | ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 2 ᠲᠤᠭᠤᠷᠢᠨ ᠪᠠᠶᠢᠴᠠᠭᠠᠬᠤ | ᠲᠤᠭᠤᠶᠢᠯᠠᠩ ᠨᠢ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠳᠤ ᠬᠦᠨᠵᠡᠬᠡᠶᠢᠷᠡᠵᠦ ᠲᠠᠪᠤᠳᠤᠭᠠᠷ ᠡᠭᠡᠯᠵᠢ ᠶᠢᠨ | ᠲᠤᠭᠤᠷᠢᠨ ᠪᠠᠶᠢᠴᠠᠭᠠᠬᠤ ᠠᠵᠢᠯ ᠢᠶᠠᠨ ᠡᠬᠢᠯᠡᠵᠡᠢ᠃ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠨᠢ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ ᠠᠴᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠤᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ | ᠥᠷᠨᠢᠭᠦᠯᠬᠦ ᠲᠤᠬᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ ᠬᠤᠷᠠᠯ ᠠᠴᠠ᠂ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ | ᠪᠠᠷ ᠦᠨᠳᠦᠰᠦᠨ ᠡᠭᠦᠷᠭᠡ ᠪᠣᠯᠭᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ | ᠲᠤᠪᠤᠶᠢᠯᠭᠠᠨ᠂ ᠤᠯᠤᠰ ᠲᠦᠷᠦ ᠶᠢᠨ ᠬᠢᠨᠠᠯᠲᠠ ᠶᠢᠨ ᠪᠣᠳᠠᠲᠠᠶᠢᠵᠢᠬᠤ᠂ ᠨᠠᠷᠢᠯᠢᠬᠵᠢᠬᠤ᠂ ᠪᠠᠶᠢᠩᠭᠤᠵᠢᠬᠤ ᠶᠢ | ᠲᠠᠰᠤᠷᠠᠯᠳᠡ ᠦᠭᠡᠢ ᠠᠬᠢᠭᠤᠯᠤᠨ᠎ᠠ᠃ ᠲᠤᠰᠬᠠᠢ ᠪᠠᠶᠢᠴᠠᠭᠠᠯᠳᠠ ᠨᠢ ︽ᠲᠤᠰᠬᠠᠢ︾ ᠪᠠᠶᠢᠬᠤ ᠳᠠᠪᠠᠭᠤᠯᠢᠭ ᠢ | ᠳᠣᠪᠤᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠨᠠᠶᠢᠳᠠᠪᠤᠷᠢᠵᠢᠭᠤᠯᠬᠤ ᠵᠢᠴᠢ ︽ ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ | ᠠᠬᠢᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠵᠤ᠂ ᠡᠩ ᠤᠨ ᠪᠠᠶᠢᠴᠠᠭᠠᠯᠲᠠ ᠨᠢ ᠪᠦᠬᠦ ᠲᠠᠯ᠎ᠠ ᠶᠢᠨ ᠤᠯᠤᠰ | ᠲᠥᠷᠥ ᠶᠢᠨ ᠪᠠᠶᠢᠴᠠᠭᠠᠯᠲᠠ ᠪᠠᠷ ᠳᠡᠮᠵᠢᠨ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ ᠂ ᠣᠯᠠᠨ | ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ | ᠶᠡᠬᠡᠲᠡᠢ ᠠᠰᠠᠭᠤᠳᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ | ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ | ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠴᠢᠳᠠᠪᠤᠷᠢ ᠶᠢᠨ ᠠᠰᠠᠭᠤᠳᠠᠯ᠂ ᠢᠯᠵᠢᠷᠡᠯ ᠤᠨ ᠠᠰᠠᠭᠤᠳᠠᠯ ᠪᠠ | ᠰᠤᠷᠲᠠᠯ ᠤᠨ ᠠᠰᠠᠭᠤᠳᠠᠯ ᠢ ᠢᠯᠡᠷᠡᠬᠦᠯᠵᠦ ᠰᠢᠢᠳᠪᠦᠷᠢᠯᠡᠨ᠎ᠡ ᠬᠡᠵᠦ ᠵᠢᠭᠠᠨ ᠭᠠᠷᠭᠠᠵᠠᠢ᠃ ᠪᠠᠶᠢᠴᠠᠭᠠᠭᠳᠠᠬᠤ ᠨᠢᠬᠡᠴᠡ | ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠢᠯᠡᠷᠬᠡᠶᠢᠯᠡᠬᠦ ᠳᠡᠭᠡᠨ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠲᠤᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ | ᠪᠣᠯᠣᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠭᠡᠨ᠂ | ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠳᠤ ᠪᠦᠬᠦ ᠬᠦᠴᠦᠨ ᠢᠶᠠᠷ ᠬᠠᠮᠵᠢᠯᠴᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠶᠢ | ᠦᠨᠡᠨᠴᠢ ᠪᠠᠷ ᠬᠦᠯᠢᠶᠡᠬᠦ ᠶᠢᠨ ᠬᠠᠮᠲᠤ ᠲᠤᠰ ᠡᠬᠡᠯᠵᠢ ᠶᠢᠨ ᠲᠤᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠤᠯᠭᠠᠨ᠂ | ᠠᠵᠢᠯ ᠬᠢᠵᠦ ᠦᠢᠯᠡᠰ ᠪᠦᠳᠦᠭᠡᠬᠦ ᠬᠢᠷᠢ ᠴᠢᠳᠠᠪᠤᠷᠢ ᠪᠣᠯᠣᠨ ᠤᠯᠠᠨ ᠲᠦᠮᠡᠨ ᠳᠤ ᠦᠢᠯᠡᠴᠢᠯᠡᠬᠦ ᠬᠢᠷᠢ | ᠲᠦᠪᠰᠢᠨ ᠢᠶᠠᠨ ᠦᠨᠡᠨᠬᠦ ᠲᠡᠭᠡᠭᠰᠢᠯᠡᠬᠦᠯᠬᠦ ᠪᠠᠷ ᠴᠢᠷᠮᠠᠶᠢᠨ᠎ᠠ ᠬᠡᠵᠡᠢ᠃ ᠣᠶᠢᠯᠠᠭᠠᠭᠰᠠᠨ ᠢᠶᠠᠷ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠤᠬᠠᠢ ᠶᠢᠨ ᠲᠠᠯᠠᠪᠠᠶ ᠶᠢᠨ ᠲᠣᠭᠤᠷᠢᠨ ᠪᠠᠶᠢᠴᠠᠭᠠᠬᠤ ᠴᠠᠭ ᠨᠢ 50 ᠡᠳᠦᠷ ᠣᠷᠴᠢᠮ | ᠪᠠᠶᠢᠵᠤ᠂ ᠲᠤᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷ ᠤᠨ ᠤᠲᠠᠰᠤ ᠪᠠ ᠵᠠᠬᠢᠳᠠᠯ ᠤᠨ | ᠬᠠᠶᠢᠷᠴᠠᠭ ᠵᠡᠷᠭᠡ ᠶᠢ ᠲᠤᠬᠢᠷᠠᠭᠤᠯᠤᠨ᠂ ᠭᠤᠣᠯᠳᠠᠭᠤ ᠪᠠᠶᠢᠴᠠᠭᠠᠭᠳᠠᠬᠤ ᠨᠢᠭᠡᠴᠡ ᠶᠢᠨ ᠤᠳᠤᠷᠢᠳᠬᠤ ᠪᠠᠭ ᠪᠠ ᠪᠠᠭ | ᠤᠨ ᠭᠡᠰᠢᠬᠦᠳ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠤᠳᠤᠷᠢᠳᠬᠤ | ᠺᠠᠳ᠋ᠷ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ | ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ | ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ ᠵᠠᠬᠢᠳᠠᠯ ᠰᠣᠷᠪᠤᠯᠵᠢᠯᠠᠭ᠎ᠠ ᠰᠠᠨᠠᠯ | ᠲᠤᠰᠬᠠᠯ ᠢ ᠬᠦᠯᠢᠶᠡᠨ ᠠᠪᠴᠤ ᠰᠢᠢᠳᠪᠦᠷᠢᠯᠡᠬᠦ ᠪᠠᠷ ᠪᠠᠶᠢᠨ᠎ᠠ᠃ |