ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2023/4/28
  4 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ ᠬᠤᠷᠠᠯ ᠢ ᠡᠷᠬᠢᠯᠡᠵᠦ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾  ᠤ ᠠᠵᠢᠯ ᠢ ᠰᠠᠶᠢᠲᠤᠷ ᠬᠢᠬᠦ ᠨᠢ ᠮᠠᠨ ᠤ ᠬᠥᠭᠵᠢᠯᠲᠡ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ ᠨᠡᠩ ᠴᠤ ᠮᠠᠨ ᠤ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ᠎ᠠ᠃ ︽ᠲᠠᠪᠤᠨ ᠶᠡᠭᠡ ᠬᠥᠭᠵᠢᠯ ᠮᠠᠨᠳᠤᠯ︾  ᠤᠨ ᠡᠯ᠎ᠡ  ᠲᠦᠷᠦᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠤ ᠪᠤᠳᠠᠭ᠎ᠠ  ᠪᠠ ᠴᠢᠬᠤᠯᠠ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠴᠢᠩᠭ᠎ᠠ ᠠᠳᠬᠤᠨ᠂ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠬᠦᠴᠦᠯᠡᠬᠦ ᠴᠡᠭ ᠢ ᠦᠨᠡᠨᠬᠦ ᠰᠠᠶᠢᠲᠤᠷ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠠ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ ᠤ ᠬᠠᠮᠤᠭ ᠤᠨ ᠲᠤᠯᠭᠠᠮ᠎ᠠ ᠬᠡᠷᠡᠭᠴᠡᠭᠡ ᠠᠴᠠ ᠭᠠᠷᠳᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠦᠬᠦᠪᠦᠷᠢᠯᠡᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ᠃ ᠬᠥᠳᠡᠭᠡ ᠲᠣᠰᠬᠤᠨ ᠤ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠢ ᠪᠤᠯᠭᠠᠨ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠥᠬᠦ ᠬᠦᠴᠦᠨ ᠢᠶᠠᠷ ᠠᠬᠢᠭᠤᠯᠬᠤ ᠭᠡᠷᠡᠭᠳᠡᠢ ᠬᠡᠵᠦ ᠵᠢᠭᠠᠨ ᠭᠠᠷᠭᠠᠵᠠᠢ᠃ ᠴᠧᠨ ᠶᠠᠨ ᠪᠦᠦ ᠠᠴᠠ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠯᠳᠠ᠂ ᠶᠠᠳᠠᠭᠤ ᠶᠢ ᠲᠡᠳᠬᠦᠬᠦ ᠡᠳ᠋ ᠬᠥᠷᠥᠩᠭᠡ ᠲᠦᠷᠦᠯ ᠵᠦᠢᠯ ᠤᠨ ᠬᠠᠮᠢᠶᠠᠷᠤᠯᠲᠠ᠂  ᠭᠠᠴᠠᠭ᠎ᠠ ᠲᠣᠰᠬᠤᠨ ᠳᠤ ᠰᠠᠭᠤᠬᠤ ᠠᠵᠢᠯ  ᠤᠨ ᠲᠠᠯᠠᠪᠠᠷ ᠪᠣᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠬᠦᠳ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠰᠢᠬᠦᠨ ᠨᠢᠭᠡᠴᠡ ᠪᠠ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠪᠠ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠷᠠᠯ ᠳᠤ ᠤᠷᠤᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号