ᠬᠤᠰᠢᠭᠤ ᠨᠠᠮ ᠤᠨ ᠬᠤᠷᠢᠶᠠᠨ ᠤ ᠰᠢᠨ᠎ᠡ ᠨᠢᠬᠡᠨ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2023/4/28
    ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ 4 ᠰᠠᠷ᠎ᠠ ᠶᠢᠨ 28 ᠤ ᠡᠳᠦᠷ ᠪᠤᠯᠬᠤ ᠳᠤ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 2 ᠲᠤᠭᠤᠷᠢᠨ ᠪᠠᠶᠢᠴᠠᠭᠠᠬᠤ  ᠲᠤᠭᠤᠶᠢᠯᠠᠩ ᠨᠢ  ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠳᠤ ᠬᠦᠨᠵᠡᠬᠡᠶᠢᠷᠡᠵᠦ  ᠲᠠᠪᠤᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠢᠶᠠᠨ ᠡᠬᠢᠯᠡᠵᠡᠢ᠃  ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠨᠢ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠠᠴᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠤᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ  ᠲᠤᠷᠠᠳᠤᠭᠰᠠᠨ ᠪᠠᠶᠢᠨ᠎ᠠ᠃  ᠬᠤᠷᠠᠯ ᠠᠴᠠ᠂  ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠶᠡᠷᠦᠩᠬᠡᠢ ᠱᠦᠵᠢ ᠰᠢ ᠶᠢᠨ ᠫᠢᠩ   ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾  ᠪᠠᠷ ᠦᠨᠳᠦᠰᠦᠨ ᠡᠭᠦᠷᠭᠡ ᠪᠣᠯᠭᠠᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠲᠤᠪᠤᠶᠢᠯᠭᠠᠨ᠂ ᠤᠯᠤᠰ ᠲᠦᠷᠦ ᠶᠢᠨ ᠬᠢᠨᠠᠯᠲᠠ ᠶᠢᠨ ᠪᠣᠳᠠᠲᠠᠶᠢᠵᠢᠬᠤ᠂ ᠨᠠᠷᠢᠯᠢᠬᠵᠢᠬᠤ᠂ ᠪᠠᠶᠢᠩᠭᠤᠵᠢᠬᠤ ᠶᠢ ᠲᠠᠰᠤᠷᠠᠯᠳᠡ ᠦᠭᠡᠢ ᠠᠬᠢᠭᠤᠯᠤᠨ᠎ᠠ᠃  ᠲᠤᠰᠬᠠᠢ ᠪᠠᠶᠢᠴᠠᠭᠠᠯᠳᠠ ᠨᠢ  ︽ᠲᠤᠰᠬᠠᠢ︾ ᠪᠠᠶᠢᠬᠤ ᠳᠠᠪᠠᠭᠤᠯᠢᠭ ᠢ ᠳᠣᠪᠤᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠵᠢᠴᠢ ︽ ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠠᠬᠢᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠵᠤ᠂  ᠡᠩ ᠤᠨ ᠪᠠᠶᠢᠴᠠᠭᠠᠯᠲᠠ ᠨᠢ ᠪᠦᠬᠦ ᠲᠠᠯ᠎ᠠ ᠶᠢᠨ ᠤᠯᠤᠰ ᠲᠥᠷᠥ ᠶᠢᠨ ᠪᠠᠶᠢᠴᠠᠭᠠᠯᠲᠠ  ᠪᠠᠷ ᠳᠡᠮᠵᠢᠨ᠂ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ  ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ  ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ᠂   ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠣᠶᠢᠯᠠᠭᠠᠵᠤ᠂  ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠴᠢᠳᠠᠪᠤᠷᠢ ᠶᠢᠨ ᠠᠰᠠᠭᠤᠳᠠᠯ᠂ ᠢᠯᠵᠢᠷᠡᠯ ᠤᠨ ᠠᠰᠠᠭᠤᠳᠠᠯ ᠪᠠ ᠰᠤᠷᠲᠠᠯ ᠤᠨ ᠠᠰᠠᠭᠤᠳᠠᠯ ᠢ ᠢᠯᠡᠷᠡᠬᠦᠯᠵᠦ ᠰᠢᠢᠳᠪᠦᠷᠢᠯᠡᠨ᠎ᠡ ᠬᠡᠵᠦ ᠵᠢᠭᠠᠨ ᠭᠠᠷᠭᠠᠵᠠᠢ᠃  ᠪᠠᠶᠢᠴᠠᠭᠠᠭᠳᠠᠬᠤ ᠨᠢᠬᠡᠴᠡ  ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠢᠯᠡᠷᠬᠡᠶᠢᠯᠡᠬᠦ ᠳᠡᠭᠡᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠲᠤᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠪᠣᠯᠣᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠭᠡᠨ᠂ ᠤᠯᠤᠰ ᠲᠦᠷᠦ ᠶᠢᠨ ᠤᠬᠠᠮᠰᠠᠷ ᠢᠶᠠᠨ ᠤᠯᠠᠮ ᠴᠢᠩᠭᠠᠳᠬᠠᠵᠤ᠂  ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠪᠦᠬᠦ ᠬᠦᠴᠦᠨ ᠢᠶᠠᠷ ᠬᠠᠮᠵᠢᠯᠴᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠯᠲᠠ ᠶᠢ ᠦᠨᠡᠨᠴᠢ ᠪᠠᠷ ᠬᠦᠯᠢᠶᠡᠬᠦ ᠶᠢᠨ ᠬᠠᠮᠲᠤ ᠲᠤᠰ ᠡᠬᠡᠯᠵᠢ ᠶᠢᠨ ᠲᠤᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠤᠯᠭᠠᠨ᠂ ᠠᠵᠢᠯ ᠬᠢᠵᠦ ᠦᠢᠯᠡᠰ ᠪᠦᠳᠦᠭᠡᠬᠦ ᠬᠢᠷᠢ ᠴᠢᠳᠠᠪᠤᠷᠢ ᠪᠣᠯᠣᠨ ᠤᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢᠶᠠᠨ ᠦᠨᠡᠨᠬᠦ ᠲᠡᠭᠡᠭᠰᠢᠯᠡᠬᠦᠯᠬᠦ ᠪᠠᠷ ᠴᠢᠷᠮᠠᠶᠢᠨ᠎ᠠ ᠬᠡᠵᠡᠢ᠃ ᠣᠶᠢᠯᠠᠭᠠᠭᠰᠠᠨ ᠢᠶᠠᠷ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠬᠠᠢ ᠶᠢᠨ ᠲᠠᠯᠠᠪᠠᠶ ᠶᠢᠨ ᠲᠣᠭᠤᠷᠢᠨ ᠪᠠᠶᠢᠴᠠᠭᠠᠬᠤ ᠴᠠᠭ ᠨᠢ 50 ᠡᠳᠦᠷ ᠣᠷᠴᠢᠮ ᠪᠠᠶᠢᠵᠤ᠂ ᠲᠤᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷ ᠤᠨ ᠤᠲᠠᠰᠤ ᠪᠠ ᠵᠠᠬᠢᠳᠠᠯ ᠤᠨ ᠬᠠᠶᠢᠷᠴᠠᠭ ᠵᠡᠷᠭᠡ ᠶᠢ ᠲᠤᠬᠢᠷᠠᠭᠤᠯᠤᠨ᠂ ᠭᠤᠣᠯᠳᠠᠭᠤ  ᠪᠠᠶᠢᠴᠠᠭᠠᠭᠳᠠᠬᠤ ᠨᠢᠭᠡᠴᠡ ᠶᠢᠨ ᠤᠳᠤᠷᠢᠳᠬᠤ ᠪᠠᠭ ᠪᠠ ᠪᠠᠭ  ᠤᠨ ᠭᠡᠰᠢᠬᠦᠳ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠤᠳᠤᠷᠢᠳᠬᠤ ᠺᠠᠳ᠋ᠷ ᠤᠨ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠣᠯᠣᠨ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ ᠵᠠᠬᠢᠳᠠᠯ ᠰᠣᠷᠪᠤᠯᠵᠢᠯᠠᠭ᠎ᠠ ᠰᠠᠨᠠᠯ ᠲᠤᠰᠬᠠᠯ ᠢ ᠬᠦᠯᠢᠶᠡᠨ ᠠᠪᠴᠤ ᠰᠢᠢᠳᠪᠦᠷᠢᠯᠡᠬᠦ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号