ᠨᠠᠮᠤᠷ ᠤᠨ ᠰᠡᠷᠢᠬᠦᠨ ᠤᠷᠤᠬᠤ ᠳᠤ ᠪᠡᠶ᠎ᠠ ᠪᠠᠨ ᠶᠠᠭᠠᠬᠢᠵᠤ ᠰᠤᠪᠢᠯᠠᠬᠤ ᠪᠤᠢ
ᠨᠡᠶᠢᠲᠡᠯᠡᠭᠰᠡᠨ ᠴᠠᠭ᠄
2023/4/28
   ᠵᠤᠨ ᠤ ᠬᠠᠯᠠᠭᠤᠨ ᠠᠴᠠ ᠪᠤᠯᠵᠤ ᠬᠦᠮᠦᠨ ᠤ ᠪᠡᠶ᠎ᠠ ᠶᠢᠨ ᠬᠡᠪ ᠤᠨ ᠠᠵᠢᠯᠯᠠᠭ᠎ᠠ ᠠᠳᠠᠯᠢ ᠪᠤᠰᠤ ᠬᠡᠮᠵᠢᠶᠡᠨ ᠤ ᠬᠤᠪᠢᠷᠠᠯᠳᠠ ᠲᠠᠢ ᠪᠤᠯᠵᠤ᠂ ᠨᠠᠮᠤᠷ ᠤᠨ ᠤᠯᠠᠷᠢᠯ ᠪᠤᠯᠤᠬᠰᠠᠭᠠᠷ ᠰᠢᠯᠦᠰᠤᠨ ᠤ ᠱᠦᠬᠦᠷᠡᠯᠳᠡ ᠪᠠᠭᠠᠰᠴᠤ᠂ ᠪᠡᠶ ᠎ᠠ ᠶᠢᠨ ᠠᠷᠠᠰᠤ ᠬᠠᠭᠤᠷᠡᠶᠢᠰᠢᠬᠤ᠂ ᠬᠠᠮᠠᠷ ᠠᠮᠠ ᠬᠠᠳᠠᠬᠤ᠂ ᠨᠢᠳᠤ ᠤᠯᠡᠶᠢᠵᠤ ᠡᠪᠡᠳᠬᠦ᠂ ᠬᠤᠷᠭᠤᠰᠤ ᠬᠠᠳᠠᠬᠤ ᠵᠡᠷᠭᠡ ᠡᠪᠡᠳᠴᠢᠨ ᠬᠡᠮ ᠠᠮᠠᠷᠬᠠᠨ ᠡᠬᠦᠰᠳᠡᠭ᠂ ᠳᠡᠷᠡᠴᠢᠯᠡᠨ ᠡᠪᠡᠳᠴᠢᠨ ᠢ ᠳᠠᠭᠠᠭᠠᠬᠤ ᠴᠢᠳᠠᠪᠦᠷᠢ ᠨᠢ ᠮᠡᠳᠡᠭᠳᠡᠮ᠎ᠠ ᠪᠠᠭᠤᠷᠠᠢ ᠪᠤᠯᠳᠠᠬ ᠳᠤᠯᠠ ᠪᠤᠰᠤᠳ ᠵᠦᠢᠯ ᠤᠨ ᠶᠡᠷᠤ ᠶᠢᠨ ᠡᠪᠡᠳᠴᠢᠨ ᠠᠷᠬᠠᠬ ᠪᠤᠶᠤ ᠬᠠᠯᠳᠠᠪᠦᠷᠢᠳᠤ ᠡᠪᠡᠳᠴᠢᠨ ᠬᠢᠵᠢᠭ ᠲᠤ ᠠᠮᠠᠷᠬᠠᠨ ᠨᠡᠷᠪᠡᠭᠳᠡᠳᠡᠭ᠃ ᠡᠶᠢᠮᠤ ᠠᠴᠠ ᠨᠠᠮᠤᠷ ᠤᠨ ᠰᠤᠪᠢᠯᠠᠯᠳᠠ ᠳᠤ᠄     ︵1︶ ᠬᠡᠳᠤ ᠶᠠᠳᠠᠷᠠᠬᠤ᠂ ᠤᠨᠴᠠᠭᠠᠢᠢᠯᠠᠨ ᠳᠤᠳᠤᠷ ᠳᠠᠮᠢᠷ ᠢᠶᠠᠨ ᠶᠡᠭᠡ ᠪᠠᠷᠠᠬᠤ ᠶᠢ ᠰᠡᠷᠭᠡᠶᠢᠯᠡᠵᠤ ᠬᠡᠳᠤ ᠬᠦᠯᠦᠷᠡᠬᠦ ᠦᠬᠡᠢ ᠪᠠᠶᠢᠬᠤ ᠬᠡᠷᠡᠭᠳᠡᠢ᠃     ︵2︶ ᠠᠮᠢᠳᠤᠷᠠᠯ ᠢᠶᠠᠨ ᠵᠢᠮ᠎ᠠ ᠵᠦᠢ ᠲᠠᠢ ᠪᠠᠶᠢᠯᠭᠠᠵᠤ᠂ ᠰᠠᠭᠤᠬᠤ ᠦᠷᠤᠬᠡᠨ ᠳᠤ ᠪᠠᠨ ᠬᠤᠸᠠᠷ ᠴᠡᠴᠡᠭ ᠳᠡᠵᠢᠬᠡᠵᠤ ᠦᠷᠬᠦᠯᠵᠢ ᠪᠠᠭ᠎ᠠ ᠰᠠᠭ᠎ᠠ ᠤᠰᠤ ᠰᠦᠷᠴᠢᠨ ᠠᠭᠤᠷ ᠠᠮᠢᠰᠬᠤᠯ ᠢᠶᠠᠨ ᠴᠢᠬᠢᠭᠯᠢᠭ ᠪᠠᠶᠢᠯᠭᠠᠬᠤ ᠬᠡᠷᠡᠭᠳᠡᠢ᠃    ︵3︶ ᠢᠳᠡᠬᠡᠨ ᠤᠮᠳᠠᠭᠠᠨ ᠢᠶᠠᠨ ᠳᠤᠬᠢᠳᠡᠢ ᠳᠤᠬᠢᠷᠠᠭᠤᠯᠵᠤ ᠠᠭᠤᠰᠬᠢ᠂ ᠴᠤᠯᠤ ᠶᠢᠨ ᠳᠠᠮᠢᠷ ᠢ ᠰᠠᠶᠢᠵᠢᠷᠠᠭᠤᠯᠬᠤ ᠰᠢᠮ᠎ᠠ ᠳᠡᠵᠢᠬᠡᠯ ᠰᠠᠶᠢᠳᠡᠢ ᠢᠳᠡᠭᠡᠨ ᠳᠤᠬᠠᠢᠢᠯᠠᠪᠠᠯ ᠮᠠᠭᠠᠵᠢ᠂ ᠵᠢᠵᠢᠭ ᠴᠠᠭᠠᠨ ᠤᠭᠤᠭ᠎ᠠ᠂ ᠯᠤᠤᠪᠠᠨᠭ᠌᠂ ᠠᠯᠢᠮ᠎ᠠ᠂ ᠱᠠᠪᠳᠠᠯ᠎ᠠ᠂ ᠴᠠᠭᠠᠨ ᠳᠡᠯᠳᠡᠤ ᠵᠡᠷᠭᠡ ᠶᠢ ᠢᠯᠡᠬᠦᠬᠡᠨ ᠢᠳᠡᠵᠤ ᠪᠠᠶᠢᠪᠠᠯ ᠰᠠᠶᠢᠨ᠃    ︵4︶ ᠨᠠᠮᠤᠷ ᠪᠤᠷᠤᠭᠠᠨ ᠰᠢᠪᠡᠷᠡᠬᠦ ᠪᠦᠷᠢ ᠳᠡᠭᠷᠢ ᠬᠦᠢᠳᠡᠷᠡᠨ᠎ᠠ ᠭᠡᠳᠡᠭ᠂ ᠪᠡᠶ᠎ᠠ ᠡᠷᠡᠬᠦᠯ ᠴᠢᠬᠢᠷᠠᠬ ᠬᠦᠮᠦᠰ ᠲᠤ ᠠᠪᠴᠤ ᠬᠡᠯᠡᠪᠡᠯ ᠬᠡᠳᠤ ᠡᠷᠳᠡ ᠡᠮᠤᠰᠴᠤ ᠵᠡᠬᠦᠬᠦ ᠪᠠᠨ ᠵᠤᠵᠠᠭᠠᠯᠠᠬᠤ ᠦᠬᠡᠢ ᠪᠤᠯ ᠵᠤᠬᠢᠨ᠎ᠠ᠃ ᠬᠠᠷᠢᠨ ᠳᠠᠮᠢᠷ ᠤᠨ ᠪᠤᠯᠪᠠᠰᠤᠷᠠᠯ ᠳᠤ ᠢᠯᠡᠬᠦᠬᠡᠨ ᠤᠷᠤᠯᠴᠠᠵᠤ᠂ ᠡᠪᠡᠳᠴᠢᠨ ᠢ ᠳᠠᠭᠠᠭᠠᠬᠤ ᠴᠢᠳᠠᠪᠦᠷᠢ ᠪᠠᠨ ᠳᠡᠭᠡᠭᠰᠢᠯᠡᠬᠦᠯᠬᠦ ᠬᠡᠷᠡᠭᠳᠡᠢ᠃ ᠭᠡᠪᠡᠴᠤ ᠬᠡᠳᠤᠷᠬᠡᠢ ᠨᠢᠮᠬᠡᠨ ᠡᠮᠤᠰᠴᠤ ᠵᠡᠬᠦᠬᠦ ᠦᠬᠡᠢ᠃ ᠦᠬᠡᠢ ᠪᠤᠯ ᠦᠶ᠎ᠠ ᠬᠡᠰᠢᠬᠦᠤ ᠶᠢᠨ ᠡᠪᠡᠳᠴᠢᠨ᠂ ᠮᠦᠬᠡᠷᠰᠤᠨ ᠬᠤᠭᠤᠯᠠᠢ ᠶᠢᠨ ᠦᠷᠪᠢᠰᠤᠯ᠂ ᠰᠢᠩᠭᠡᠭᠡᠯᠳᠡ ᠶᠢᠨ ᠵᠠᠮ ᠤᠨ ᠡᠪᠡᠳᠴᠢᠨ ᠵᠡᠷᠭᠡ ᠳᠤ ᠨᠡᠷᠪᠡᠭᠳᠡᠳᠡᠭ᠃     ︵5︶ ᠨᠠᠮᠤᠷ ᠤᠨ ᠴᠠᠬ ᠲᠤ ᠬᠠᠯᠠᠭᠤᠨ ᠬᠦᠢᠳᠡᠨ ᠨᠢ ᠳᠤᠬᠳᠠᠭᠤᠨ ᠦᠬᠡᠢ ᠳᠤᠯᠠ ᠠᠮᠠᠷᠬᠠᠨ ᠬᠢᠮᠦᠷᠠᠬᠤ ᠨᠠᠰᠤᠳᠡᠶᠢᠴᠤᠳ᠂ ᠬᠡᠤᠬᠡᠳ ᠠᠮᠠᠷᠬᠠᠨ ᠡᠪᠡᠳᠴᠢᠯᠡᠳᠡᠭ ᠪᠤᠶᠤ ᠬᠠᠭᠤᠴᠢᠨ ᠡᠪᠡᠳᠴᠢᠨ ᠬᠡᠮ ᠨᠢ ᠬᠦᠳᠡᠯᠳᠡᠭ᠃ ᠴᠢᠰᠤᠨ ᠳᠠᠷᠤᠯᠳᠠ ᠦᠨᠳᠤᠷ ᠡᠪᠡᠳᠴᠢᠳᠡᠨ ᠨᠠᠮᠤᠷ ᠤᠨ ᠬᠦᠢᠳᠡᠨ ᠳᠤ ᠴᠢᠰᠤᠨ ᠰᠤᠳᠠᠯ ᠨᠢ ᠠᠪᠴᠢᠵᠤ ᠴᠢᠰᠤᠨ ᠳᠠᠷᠤᠯᠳᠠ ᠨᠢ ᠦᠨᠳᠤᠷᠵᠢᠳᠡᠭ ᠳᠤᠯᠠ ᠦᠷᠬᠦᠯᠵᠢ ᠴᠢᠰᠤᠨ ᠳᠠᠷᠤᠯᠳᠠ ᠪᠠᠨ ᠬᠡᠮᠵᠢᠨ ᠡᠮ ᠳᠠᠩ ᠢᠶᠠᠨ ᠳᠠᠰᠤᠯᠳᠠᠭᠤᠯᠤᠯ ᠦᠬᠡᠢ ᠤᠤᠭᠤᠵᠤ᠂ ᠡᠮᠴᠢ ᠪᠠᠷ ᠤᠨᠤᠰᠢᠯᠠᠭᠤᠯᠬᠤ ᠶᠢ ᠠᠩᠬᠠᠷᠬᠤ ᠬᠡᠷᠡᠭᠳᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号