ᠰᠢᠬᠢᠷ ᠰᠢᠵᠢᠩ ᠡᠪᠡᠳᠴᠢᠨ ᠢ ᠶᠠᠭᠠᠬᠢᠵᠦ ᠰᠡᠷᠭᠡᠶᠢᠯᠡᠨ ᠵᠠᠰᠠᠬᠤ ᠪᠤᠢ︖
ᠨᠡᠶᠢᠲᠡᠯᠡᠭᠰᠡᠨ ᠴᠠᠭ᠄
2023/4/28
 ᠰᠢᠬᠢᠷ ᠰᠢᠵᠢᠩ ᠡᠪᠡᠳᠴᠢᠨ ᠢ ᠶᠠᠭᠠᠬᠢᠵᠦ ᠰᠡᠷᠭᠡᠶᠢᠯᠡᠨ ᠵᠠᠰᠠᠬᠤ ᠪᠤᠢ︖                  — ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶᠠᠨ ᠤ ᠲᠡᠯᠢᠭᠦᠦ ᠬᠤᠳᠤᠭᠤᠳᠤᠨ ᠤ ᠰᠠᠯᠠᠭᠠᠨ ᠤ ᠭᠤᠤᠯᠯᠠᠭᠴᠢ ᠡᠮᠴᠢ ᠪᠠᠢ ᠠᠷᠢᠭᠤᠨ᠎ᠠ ᠶᠢ ᠰᠤᠷᠪᠤᠯᠵᠢᠯᠠᠭᠠᠳ                                    ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠶᠠᠬᠠᠨ    ᠠᠮᠢᠳᠤᠷᠠᠯ ᠤᠨ ᠲᠦᠪᠰᠢᠨ ᠰᠠᠶᠢᠵᠢᠷᠠᠵᠦ ᠢᠳᠡᠭᠡᠨ ᠤᠮᠳᠠᠭᠠᠨ ᠡᠯᠪᠡᠭᠵᠢᠭᠰᠡᠨ ᠦᠨᠦᠳᠦᠷ ᠭᠦᠮᠦᠰ ᠤᠨ ᠲᠤᠮᠳᠠ ᠰᠢᠬᠢᠷ ᠰᠢᠵᠢᠩ ᠡᠪᠡᠳᠴᠢᠨ ᠶᠡᠭᠡ ᠭᠠᠵᠠᠷ ᠠᠪᠬᠤ ᠪᠤᠯᠤᠯ᠎ᠠ᠃ ᠨᠠᠰᠤ ᠠᠬᠢᠭᠰᠠᠨ ᠭᠦᠮᠦᠰ ᠤᠨ ᠢᠳᠡᠭᠡᠨ ᠤᠮᠳᠠᠭᠠᠨ ᠪᠤᠶᠤ ᠪᠡᠶ᠎ᠡ ᠶᠢᠨ ᠪᠠᠶᠢᠳᠠᠯ ᠲᠡᠩᠴᠡᠭᠦᠷᠢ ᠪᠠᠨ ᠠᠯᠳᠠᠭᠰᠠᠨ ᠠᠴᠠ ᠴᠢᠰᠦᠨ ᠤ ᠰᠢᠬᠢᠷ ᠦᠨᠳᠦᠷᠵᠢᠵᠦ ᠰᠢᠬᠢᠷ ᠰᠢᠵᠢᠩ ᠡᠪᠡᠳᠴᠢᠨ ᠤᠯᠬᠤ ᠨᠤᠷᠮ᠎ᠠ ᠦᠨᠳᠦᠷ ᠪᠠᠶᠢᠭᠰᠠᠨ ᠠᠴᠠ ᠪᠠᠨ ᠤᠷᠴᠢᠮ ᠤᠨ ᠵᠢᠯ ᠳᠤ ᠵᠠᠯᠠᠭᠤᠴᠤᠳ ᠤᠨ ᠲᠤᠮᠳᠠ ᠴᠦ ᠡᠨᠡ ᠭᠦ ᠡᠪᠡᠳᠴᠢᠨ ᠢ ᠤᠯᠵᠦ ᠪᠠᠶᠢᠬᠤ ᠦᠵᠡᠭᠳᠡᠯ ᠪᠠᠶᠢᠡᠭᠭᠤ ᠬᠠᠷᠠᠬᠳᠠᠬᠤ ᠪᠤᠯᠤᠯ᠎ᠠ᠃ ᠡᠨᠡ ᠭᠦ ᠡᠪᠡᠳᠴᠢᠨ ᠨᠢ ᠪᠠᠭ᠎ᠠ ᠭᠡᠮᠵᠢᠶᠡᠨ ᠳᠤ ᠤᠳᠤᠮᠯᠠᠯ ᠤᠨ ᠴᠢᠨᠠᠷ ᠲᠠᠢ ᠭᠡᠭᠦ ᠳᠤ ᠤᠯᠠᠩᠭᠢ ᠨᠢ ᠠᠮᠢᠳᠤᠷᠠᠯ ᠤᠨ ᠵᠠᠩ ᠲᠠᠳᠬᠠᠯ᠂ ᠢᠳᠡᠭᠡᠨ ᠤᠮᠳᠠᠭᠠᠨ ᠲᠠᠢ ᠨᠢᠬᠳᠠ ᠬᠤᠯᠪᠤᠭᠳᠠᠯ ᠲᠠᠢ ᠪᠠᠶᠢᠳᠠᠬ᠃   ᠲᠡᠭᠡᠪᠡᠯ ᠰᠢᠬᠢᠷ ᠰᠢᠵᠢᠩ ᠡᠪᠡᠳᠴᠢᠨ ᠢ ᠶᠠᠭᠠᠬᠢᠵᠦ ᠰᠡᠷᠭᠡᠶᠢᠯᠡᠭᠦ᠂ ᠰᠢᠬᠢᠷ ᠰᠢᠵᠢᠩ ᠡᠪᠡᠳᠴᠢᠳᠠᠨ ᠶᠠᠭᠤ ᠶᠢ ᠠᠩᠬᠠᠷᠬᠤ ᠴᠢᠬᠤᠯᠠ ᠲᠠᠢ ᠪᠤᠢ ᠭᠡᠭᠦ ᠠᠰᠠᠭᠤᠯᠳᠠ ᠶᠢᠨ ᠲᠤᠭᠤᠷᠢᠨ ᠳᠤ ᠪᠠᠢ ᠠᠷᠢᠭᠤᠨ᠎ᠠ ᠡᠮᠴᠢ ᠨᠠᠷᠢᠨ ᠲᠠᠶᠢᠯᠤᠮᠵᠢ ᠬᠢᠯ᠎ᠠ᠃   ᠰᠤᠷᠪᠤᠯᠵᠢᠯᠠᠭᠴᠢ᠄ ᠲᠠ ᠰᠠᠶᠢᠨ ᠤᠤ︖ ᠦᠡᠭᠭᠡᠷᠡᠭᠰᠡᠨ ᠳᠤ ᠰᠢᠬᠢᠷ ᠰᠢᠵᠢᠩ ᠡᠪᠡᠳᠴᠢᠨ ᠳᠤ ᠨᠡᠷᠪᠡᠭᠳᠡᠵᠦ ᠪᠠᠶᠢᠨ᠎ᠠ ᠭᠡᠳᠡᠭ ᠢ ᠴᠦᠭᠡᠨ ᠰᠤᠨᠤᠰᠴᠦ ᠪᠠᠶᠢᠭᠰᠠᠨ ᠪᠤᠯ ᠤᠳᠤ ᠪᠤᠯᠬᠤ ᠳᠤ ᠨᠡᠶᠢᠳᠡᠮ ᠤᠨ ᠴᠢᠨᠠᠷ ᠲᠠᠢ ᠰᠤᠨᠤᠰᠳᠠᠬᠤ ᠪᠤᠯᠤᠯ᠎ᠠ᠃ ᠡᠨᠡ ᠨᠢ ᠶᠠᠭᠤᠨ ᠠᠴᠠ ᠪᠤᠯᠤᠭᠰᠠᠨ ᠪᠤᠢ︖   ᠪᠠᠢ ᠠᠷᠢᠭᠤᠨ᠎ᠠ ᠡᠮᠴᠢ᠄ ᠦᠡᠭᠭᠡᠷᠡᠭᠰᠡᠨ ᠳᠤ ᠭᠦᠮᠦᠰ ᠮᠥᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠵᠦ ᠪᠠᠶᠢᠭᠰᠠᠨ᠂ ᠭᠡᠪᠡᠴᠦ ᠲᠤᠬᠠᠢ ᠶᠢᠨ ᠦᠶ᠎ᠡ ᠶᠢᠨ ᠡᠮ ᠡᠮᠨᠡᠯᠭᠡ ᠶᠢᠨ ᠲᠦᠭᠦᠭᠡᠷᠦᠮᠵᠢ᠂ ᠮᠡᠷᠭᠡᠵᠢᠯ ᠤᠨ ᠲᠦᠪᠰᠢᠨ ᠲᠡᠶᠢᠮᠦ ᠰᠠᠶᠢᠨ ᠪᠢᠰᠢ ᠪᠤᠯᠬᠤᠷ ᠤᠯᠠᠨ ᠭᠦᠮᠦᠰ ᠮᠡᠳᠡᠳᠡᠭ ᠦᠭᠡᠢ᠃ ᠬᠠᠷᠢᠨ ᠡᠨᠡ ᠭᠦ ᠡᠪᠡᠳᠴᠢᠨ ᠭᠠᠭᠴᠠ ᠯᠠ ᠤᠳᠤ ᠶᠢᠨ ᠨᠡᠶᠢᠭᠡᠮ ᠳᠤ ᠯᠠ ᠭᠠᠷᠴᠦ ᠪᠠᠶᠢᠭ᠎ᠠ ᠭᠡᠰᠡᠨ ᠤᠴᠢᠷ ᠪᠢᠰᠢ᠃ ᠦᠡᠭᠭᠡᠷᠡᠭᠰᠡᠨ ᠳᠤ ᠠᠮᠢᠳᠤᠷᠠᠯ ᠤᠨ ᠲᠦᠪᠰᠢᠨ ᠲᠤᠤᠷ᠎ᠠ ᠢᠳᠡᠵᠦ ᠤᠤᠭᠤᠬᠤ ᠶᠠᠭᠤᠮ᠎ᠠ ᠬᠤᠪᠤᠷ ᠪᠤᠯᠬᠤᠷ ᠰᠢᠬᠢᠷ ᠰᠢᠵᠢᠩ ᠡᠪᠡᠳᠴᠢᠨ ᠳᠤ ᠨᠡᠷᠪᠡᠭᠳᠡᠭᠦ ᠨᠤᠷᠮ᠎ᠠ ᠬᠠᠷᠢᠴᠠᠩᠭᠤᠢ ᠲᠤᠤᠷ᠎ᠠ᠂ ᠤᠳᠤ ᠪᠤᠯ ᠨᠡᠶᠢᠭᠡᠮ ᠰᠠᠶᠢᠵᠢᠷᠠᠵᠦ ᠢᠳᠡᠵᠦ ᠤᠤᠭᠤᠬᠤ ᠵᠦᠢᠯᠡᠰ ᠡᠯᠪᠡᠭ ᠪᠤᠯᠤᠭᠰᠠᠨ ᠠᠴᠠ ᠭᠦᠮᠦᠰ ᠭᠡᠳᠦᠷᠭᠡᠢ ᠢᠳᠡᠵᠦ ᠤᠤᠭᠤᠬᠤ ᠳᠡᠷᠡᠴᠢᠯᠡᠨ ᠰᠢᠬᠢᠷ ᠤᠨ ᠠᠭᠤᠯᠤᠭᠳᠠᠴᠠ ᠲᠠᠢ ᠵᠦᠢᠯ ᠢᠯᠡᠭᠦᠦ ᠡᠳ᠋ᠯᠡᠭᠰᠡᠨ ᠠᠴᠠ ᠪᠤᠯᠵᠦ ᠰᠢᠬᠢᠷ ᠰᠢᠵᠢᠩ ᠡᠪᠡᠳᠴᠢᠨ ᠤᠯᠵᠦ ᠪᠠᠶᠢᠭ᠎ᠠ ᠭᠦᠮᠦᠨ ᠤᠯᠠᠨ ᠪᠤᠯᠵᠦ ᠪᠠᠶᠢᠨ᠎ᠠ᠃   ᠰᠤᠷᠪᠤᠯᠵᠢᠯᠠᠭᠴᠢ᠄ ᠲᠡᠭᠡᠪᠡᠯ ᠰᠢᠬᠢᠷ ᠰᠢᠵᠢᠩ ᠡᠪᠡᠳᠴᠢᠨ ᠳᠤ ᠨᠡᠷᠪᠡᠭᠳᠡᠪᠡᠯ ᠦᠪᠡᠷ ᠤᠨ ᠪᠡᠶ᠎ᠡ ᠳᠤ ᠨᠢ ᠶᠠᠮᠠᠷᠬᠠᠨ ᠢᠯᠡᠷᠡᠯ ᠭᠠᠷᠳᠠᠭ ᠪᠤᠢ︖   ᠪᠠᠢ ᠠᠷᠢᠭᠤᠨ᠎ᠠ ᠡᠮᠴᠢ᠄ ᠰᠢᠬᠢᠷ ᠰᠢᠵᠢᠩ ᠡᠪᠡᠳᠴᠢᠳᠠᠨ ᠢᠳᠡᠵᠦ ᠤᠤᠭᠤᠬᠤ ᠨᠢ ᠢᠯᠡᠭᠦᠦ ᠠᠳᠠᠯ᠎ᠠ ᠪᠠᠨ ᠡᠴᠡᠵᠦ ᠲᠤᠷᠠᠳᠠᠭ᠂ ᠲᠡᠭᠡᠭᠡᠳ ᠰᠢᠭᠡᠭᠦ ᠨᠢ ᠤᠯᠠᠨ᠂ ᠰᠢᠭᠡᠰᠦ ᠨᠢ ᠡᠷᠡᠭᠦᠯ ᠭᠦᠮᠦᠨ ᠲᠠᠢ ᠠᠳᠠᠯᠢ ᠦᠭᠡᠢ᠂ ᠢᠯᠡᠭᠦᠦ ᠭᠦᠭᠡᠰᠦ ᠭᠠᠷᠴᠦ᠂ ᠰᠢᠬᠢᠷ ᠤᠨ ᠠᠭᠤᠯᠤᠭᠳᠠᠴᠠ ᠢᠯᠡᠭᠦᠦ ᠪᠤᠯᠬᠤᠷ ᠨᠠᠭᠠᠯᠳᠤᠩᠬᠠᠢ ᠪᠠᠶᠢᠳᠠᠭ᠂ ᠭᠡᠪᠡᠴᠦ ᠡᠩ ᠤᠨ ᠪᠠᠶᠢᠳᠠᠯ ᠳᠤ ᠦᠪᠡᠷᠳᠡᠭᠡᠨ ᠦᠵᠡᠵᠦ ᠭᠠᠷᠳᠠᠭ ᠦᠭᠡᠢ᠃   ᠰᠤᠷᠪᠤᠯᠵᠢᠯᠠᠭᠴᠢ᠄ ᠲᠡᠭᠡᠪᠡᠯ ᠵᠠᠷᠢᠮ ᠭᠦᠮᠦᠰ ᠰᠢᠬᠢᠷ ᠰᠢᠵᠢᠩ ᠡᠪᠡᠳᠴᠢᠨ ᠢ ᠤᠳᠤᠮᠰᠢᠯ ᠤᠨ ᠴᠢᠨᠠᠷ ᠲᠠᠢ ᠭᠡᠵᠦ ᠶᠠᠷᠢᠳᠠᠭ᠂ ᠡᠨᠡ ᠲᠤᠬᠠᠢ ᠲᠠ ᠶᠠᠷᠢᠭᠠᠳ ᠦᠭᠭᠦᠨ᠎ᠠ ᠤᠤ︖  ᠪᠠᠢ ᠠᠷᠢᠭᠤᠨ᠎ᠠ ᠡᠮᠴᠢ᠄ ᠤᠳᠤ ᠶᠢᠨ ᠨᠡᠶᠢᠭᠡᠮ ᠳᠤ ᠰᠢᠬᠢᠷ ᠰᠢᠵᠢᠩ ᠡᠪᠡᠳᠴᠢᠨ ᠤᠯᠵᠦ ᠪᠠᠶᠢᠭ᠎ᠠ ᠭᠦᠮᠦᠨ ᠤᠯᠠᠨ ᠪᠤᠯᠵᠦ ᠪᠠᠶᠢᠭ᠎ᠠ ᠮᠦᠷᠳᠡᠭᠡᠨ ᠵᠠᠯᠠᠭᠤ ᠭᠦᠮᠦᠰ ᠴᠦ ᠰᠢᠬᠢᠷ ᠰᠢᠵᠢᠩ ᠡᠪᠡᠳᠴᠢᠨ ᠤᠯᠵᠦ ᠪᠠᠶᠢᠨ᠎ᠠ᠂ ᠡᠨᠡ ᠨᠢ ᠠᠮᠢᠳᠤᠷᠠᠯ ᠤᠨ ᠲᠦᠪᠰᠢᠨ ᠰᠠᠶᠢᠵᠢᠷᠠᠵᠦ ᠢᠳᠡᠭᠡᠨ ᠤᠮᠳᠠᠭᠠᠨ ᠡᠯᠪᠡᠭ ᠲᠡᠯᠪᠡᠭ ᠪᠤᠯᠤᠭᠰᠠᠨ ᠲᠠᠢ ᠶᠡᠭᠡ ᠬᠤᠯᠪᠤᠭᠳᠠᠯ ᠲᠠᠢ᠃ ᠭᠡᠪᠡᠴᠦ ᠰᠢᠬᠢᠷ ᠰᠢᠵᠢᠩ ᠡᠪᠡᠳᠴᠢᠳᠠᠨ ᠤ ᠲᠤᠳᠤᠷ᠎ᠠ 20% ᠠᠴᠠ 30% ᠨᠢ ᠤᠳᠤᠮᠰᠢᠯ ᠤᠨ ᠴᠢᠨᠠᠷ ᠪᠠᠶᠢᠳᠠᠭ᠃ ᠡᠵᠢ ᠠᠪᠤ᠂ ᠡᠪᠦᠭᠡ ᠡᠮᠡᠭᠡ᠂ ᠨᠠᠭᠠᠴᠦ ᠡᠪᠦᠭᠡ ᠡᠮᠡᠭᠡ ᠵᠡᠷᠭᠡ ᠨᠢ ᠰᠢᠬᠢᠷ ᠰᠢᠵᠢᠩ ᠡᠪᠡᠳᠴᠢᠨ ᠤ ᠲᠡᠦᠭᠡ ᠲᠠᠢ ᠪᠤᠯ ᠰᠢᠬᠢᠷ ᠰᠢᠵᠢᠩ ᠡᠪᠡᠳᠴᠢᠨ ᠤᠯᠬᠤ ᠨᠤᠷᠮ᠎ᠠ ᠨᠢ ᠦᠨᠳᠦᠷ ᠪᠤᠯᠤᠨ᠎ᠠ᠃ ᠲᠡᠭᠡᠪᠡᠯ ᠰᠢᠬᠢᠷ ᠰᠢᠵᠢᠩ ᠡᠪᠡᠳᠴᠢᠨ ᠢ ᠲᠦᠷᠦᠯᠬᠢ ᠶᠢᠨ ᠴᠢᠨᠠᠷ ᠪᠠ ᠰᠡᠭᠦᠯᠴᠢ ᠶᠢᠨ ᠦᠶ᠎ᠡ ᠳᠤ ᠤᠯᠤᠭᠰᠠᠨ ᠭᠡᠵᠦ ᠬᠤᠶᠠᠷ ᠲᠦᠷᠦᠯ ᠬᠤᠪᠢᠶᠠᠨ᠎ᠠ᠃ ᠲᠦᠷᠦᠯᠬᠢ ᠶᠢᠨ ᠴᠢᠨᠠᠷ ᠲᠠᠢ ᠰᠢᠬᠢᠷ ᠰᠢᠵᠢᠩ ᠡᠪᠡᠳᠴᠢᠳᠠᠨ ᠪᠤᠯ ᠲᠦᠷᠦᠯᠬᠢ ᠨᠦᠢᠷ ᠤᠨ ᠪᠤᠯᠴᠢᠷᠬᠠᠢ ᠶᠢᠨ ᠡᠰ ᠤᠨ ᠦᠢᠯᠡᠳᠦᠯ ᠴᠢᠳᠠᠪᠬᠢ ᠨᠢ ᠠᠨᠠᠢ ᠪᠠᠶᠢᠵᠦ᠂ ᠤᠯᠠᠩᠭᠢ ᠨᠢ ᠵᠠᠯᠠᠭᠤ ᠪᠠᠭ᠎ᠠ ᠨᠠᠰᠤᠨ ᠳᠤ ᠪᠠᠨ ᠡᠪᠡᠳᠴᠢᠨ ᠤ ᠢᠯᠡᠷᠡᠯ ᠭᠠᠷᠳᠠᠭ᠃ ᠡᠶᠢᠮᠦ ᠪᠠᠶᠢᠳᠠᠯ ᠳᠤ ᠭᠠᠳᠠᠨ᠎ᠠ ᠠᠴᠠ ᠨᠦᠢᠷ ᠤᠨ ᠠᠷᠠᠯ ᠤᠨ ᠡᠳ᠋ ︵ᠢᠰᠯᠢᠨ︶ ᠴᠤᠬᠢᠵᠦ ᠨᠦᠢᠷ ᠤᠨ ᠪᠤᠯᠴᠢᠷᠬᠠᠢ ᠶᠢᠨ ᠡᠰ ᠤᠨ ᠦᠢᠯᠡᠳᠦᠯ ᠴᠢᠳᠠᠪᠬᠢ ᠶᠢ ᠤᠷᠤᠯᠠᠭᠤᠯᠤᠨ᠎ᠠ᠃ ᠲᠡᠭᠡᠪᠡᠯ ᠰᠡᠭᠦᠯᠴᠢ ᠶᠢᠨ ᠦᠶ᠎ᠡ ᠳᠤ ᠤᠯᠤᠭᠰᠠᠨ ᠰᠢᠬᠢᠷ ᠰᠢᠵᠢᠩ ᠡᠪᠡᠳᠴᠢᠳᠠᠨ ᠪᠤᠯ ᠰᠢᠬᠢᠷ ᠤᠨ ᠠᠭᠤᠯᠤᠭᠳᠠᠴᠠ ᠶᠡᠭᠡ ᠵᠦᠢᠯᠡᠰ ᠢ ᠭᠡᠳᠦᠷᠭᠡᠢ ᠡᠳ᠋ᠯᠡᠭᠰᠡᠨ ᠠᠴᠠ ᠪᠤᠯᠵᠦ ᠬᠤᠪᠢ ᠪᠡᠶ᠎ᠡ ᠶᠢᠨ ᠰᠢᠬᠢᠷ ᠢ ᠲᠠᠶᠢᠯᠳᠠᠭ ᠨᠦᠢᠷ ᠤᠨ ᠠᠷᠠᠯ ᠡᠳ᠋ ︵ᠢᠰᠯᠢᠨ︶ ᠤᠨ ᠲᠠᠷᠤᠯᠳᠠ ᠶᠡᠭᠡ ᠪᠤᠯᠵᠦ ᠠᠵᠢᠯᠯᠠᠭ᠎ᠠ ᠨᠢ ᠲᠤᠷᠦ᠋ᠢᠳᠠᠵᠦ ᠰᠢᠬᠢᠷ ᠤᠨ ᠵᠦᠢᠯ ᠢᠶᠠᠨ ᠲᠠᠶᠢᠯᠵᠦ ᠲᠡᠶᠢᠯᠭᠦ ᠦᠭᠡᠢ ᠪᠤᠯᠵᠦ᠂ ᠰᠢᠭᠤᠳ ᠰᠢᠭᠡᠰᠦ ᠪᠠᠷ ᠲᠠᠮᠵᠢᠵᠦ ᠭᠠᠳᠠᠬᠰᠢᠯᠠᠳᠠᠬ᠃   ᠰᠤᠷᠪᠤᠯᠵᠢᠯᠠᠭᠴᠢ᠄ ᠲᠡᠭᠡᠪᠡᠯ ᠰᠢᠬᠢᠷ ᠰᠢᠵᠢᠩ ᠡᠪᠡᠳᠴᠢᠨ ᠤᠯᠪᠠᠯ ᠶᠠᠭᠤ ᠶᠢ ᠠᠩᠬᠠᠷᠬᠤ ᠪᠤᠢ︖   ᠪᠠᠢ ᠠᠷᠢᠭᠤᠨ᠎ᠠ ᠡᠮᠴᠢ᠄ ᠰᠢᠬᠢᠷ ᠰᠢᠵᠢᠩ ᠡᠪᠡᠳᠴᠢᠳᠠᠨ ᠳᠤ ᠠᠪᠴᠥ ᠬᠡᠯᠡᠪᠡᠯ ᠢᠳᠡᠵᠦ ᠤᠤᠭᠤᠬᠤ ᠪᠠᠨ ᠲᠤᠬᠢᠷᠠᠭᠤᠯᠬᠤ ᠨᠢ ᠲᠦᠢᠯ ᠤᠨ ᠴᠢᠬᠤᠯᠠ ᠶᠤᠮ᠃ ᠰᠢᠬᠢᠷ ᠤᠨ ᠠᠭᠤᠯᠤᠭᠳᠠᠴᠠ ᠲᠠᠢ ᠵᠦᠢᠯᠡᠰ ᠢ ᠬᠠᠮᠤᠭ ᠤᠨ ᠰᠠᠶᠢᠨ ᠨᠢ ᠢᠳᠡᠭᠦ ᠦᠭᠡᠢ ᠪᠠᠶᠢᠬᠤ ᠶᠢ ᠠᠩᠬᠠᠷᠤᠨ᠎ᠠ᠃ ᠤᠨᠴᠠᠭᠠᠶᠢᠯᠠᠨ ᠭᠠᠳᠠᠨ᠎ᠠ ᠬᠤᠳᠠᠯᠳᠤᠵᠦ ᠪᠠᠶᠢᠭ᠎ᠠ ᠡᠯᠳᠡᠪ ᠤᠨ ᠪᠤᠤᠪᠤ ᠪᠤᠭᠤᠷᠰᠤᠭ᠂ ᠡᠭᠡᠳᠦᠭᠰᠡᠨ ᠰᠦ ᠵᠡᠷᠭᠡ ᠪᠤᠯ ᠪᠦᠷ ᠰᠢᠬᠢᠷ ᠤᠨ ᠠᠭᠤᠯᠤᠭᠳᠠᠴᠠ ᠲᠠᠢ ᠪᠠᠶᠢᠳᠠᠭ ᠤᠴᠢᠷ ᠠᠴᠠ ᠲᠡᠯᠭᠡᠭᠦᠷ ᠲᠤ ᠬᠤᠳᠠᠯᠳᠤᠵᠦ ᠪᠠᠶᠢᠭ᠎ᠠ ᠢᠳᠡᠭᠡᠨ ᠢ ᠠᠪᠬᠤ ᠳᠤ ᠪᠠᠨ ᠪᠦᠷᠢᠯᠳᠦᠭᠦᠨ ᠢ ᠨᠢ ᠠᠩᠬᠠᠷᠴᠦ ᠰᠢᠬᠢᠷ ᠤᠨ ᠠᠭᠤᠯᠤᠭᠳᠠᠴᠠ ᠪᠠᠶᠢᠬᠤ ᠡᠰᠡᠭᠦ ᠶᠢ ᠨᠢ ᠦᠵᠡᠨ᠎ᠡ᠃ ᠲᠡᠭᠡᠪᠡᠯ ᠭᠤᠷᠪᠠᠨ ᠡᠷᠢᠨ ᠤ ᠪᠠᠨ ᠬᠤᠭᠤᠯᠠ ᠶᠢ ᠭᠡᠮᠵᠢᠶ᠎ᠡ ᠲᠠᠢ ᠢᠳᠡᠵᠦ᠂ ᠨᠢᠭᠡ ᠡᠷᠢᠨ ᠳᠤ ᠨᠢᠳᠤᠷᠭᠠᠨ ᠴᠢᠨᠠᠭᠡᠨ ᠪᠤᠳᠠᠭ᠎ᠠ᠂ ᠨᠢᠭᠡ ᠮᠠᠨᠳᠠᠤ ᠪᠠᠷ ᠬᠢᠵᠠᠭᠠᠷᠯᠠᠨ᠎ᠠ᠃ ᠭᠡᠷᠪᠡ ᠦᠯᠦᠰᠪᠡᠯ ᠦᠷᠭᠡᠰᠤᠳᠤ ᠭᠡᠮᠭᠡ᠂ ᠲᠦᠪᠡᠳ ᠬᠠᠰᠢ ᠵᠡᠷᠭᠡ ᠨᠤᠭᠤᠭᠠᠨ ᠤ ᠲᠦᠷᠦᠯ ᠪᠤᠶᠤ ᠵᠦᠷᠵᠢᠯᠢᠭ ᠮᠡᠳᠤ ᠶᠢᠨ ᠰᠢᠬᠢᠷ ᠤᠨ ᠠᠭᠤᠯᠤᠭᠳᠠᠴᠠ ᠪᠠᠭ᠎ᠠ ᠵᠢᠮᠢᠰ ᠢᠳᠡᠵᠦ ᠪᠤᠯᠤᠨ᠎ᠠ᠃ ᠬᠠᠷᠢᠨ ᠦᠯᠦᠰᠴᠦ ᠪᠤᠢ ᠭᠡᠮᠡᠨ ᠬᠤᠭᠤᠯᠠ ᠨᠡᠮᠡᠵᠦ ᠢᠳᠡᠵᠦ ᠪᠤᠯᠬᠤ ᠦᠭᠡᠢ᠃ ᠤᠷᠤᠢ ᠶᠢᠨ ᠬᠤᠭᠤᠯᠠ ᠪᠠᠨ ᠬᠠᠷᠢᠴᠠᠩᠭᠤᠢ ᠪᠠᠭ᠎ᠠ ᠢᠳᠡᠭᠦ ᠬᠡᠷᠡᠭᠳᠡᠢ᠂ ᠤᠴᠢᠷ ᠨᠢ ᠡᠳᠦᠷ ᠪᠤᠯ ᠭᠦᠮᠦᠰ ᠭᠦᠳᠡᠯᠭᠡᠭᠡᠨ ᠢᠶᠠᠷ ᠲᠠᠮᠵᠢᠭᠤᠯᠵᠦ ᠢᠳᠡᠭᠰᠡᠨ ᠢᠶᠠᠨ ᠠᠮᠠᠷᠬᠠᠨ ᠰᠢᠩᠭᠡᠭᠡᠵᠦ᠂ ᠬᠠᠷᠢᠨ ᠤᠷᠤᠢ ᠳᠤ ᠪᠠᠨ ᠪᠤᠯ ᠭᠦᠳᠡᠯᠭᠡᠭᠡᠨ ᠪᠠᠭ᠎ᠠ᠂ ᠤᠨᠳᠠᠵᠦ ᠠᠮᠠᠷᠠᠬᠤ ᠲᠤᠯᠠ ᠪᠠᠭ᠎ᠠ ᠢᠳᠡᠵᠦ ᠰᠢᠩᠭᠡᠭᠡᠯᠳᠡ ᠶᠢᠨ ᠰᠢᠰᠲ᠋ᠧᠮ ᠪᠠ ᠨᠦᠢᠷ ᠤᠨ ᠪᠤᠯᠴᠢᠷᠬᠠᠢ ᠶᠢᠨ ᠲᠠᠷᠤᠭᠠᠰᠦ ᠶᠢ ᠭᠦᠡᠭᠭᠡᠯᠡᠭᠦ ᠭᠡᠷᠡᠭᠳᠠᠢ᠃ ᠲᠡᠭᠡᠪᠡᠯ ᠤᠷᠤᠢ ᠶᠢᠨ ᠬᠤᠭᠤᠯᠠᠨ ᠤ ᠲᠠᠷᠠᠭ᠎ᠠ ᠭᠦᠳᠡᠯᠭᠡᠭᠡᠨ ᠬᠢᠭᠦ ᠨᠢ ᠪᠠᠰᠠ ᠲᠤᠩ ᠴᠢᠬᠤᠯᠠ᠂ ᠬᠤᠭᠤᠯᠠᠨ ᠤ ᠲᠠᠷᠠᠭ᠎ᠠ ᠠᠯᠬᠤᠬᠤ᠂ ᠤᠳᠠᠭᠠᠨ ᠠᠭᠠᠵᠢᠮ ᠨᠠᠮᠵᠢᠭᠤᠨ ᠲᠠᠮᠢᠷ ᠵᠡᠷᠭᠡ ᠭᠦᠴᠢᠯᠳᠦ᠋ᠷᠦᠭᠴᠢ ᠲᠠᠢ ᠭᠦᠳᠡᠯᠭᠡᠭᠡᠨ ᠬᠢᠵᠦ ᠪᠤᠯᠤᠨ᠎ᠠ᠃   ᠰᠤᠷᠪᠤᠯᠵᠢᠯᠠᠭᠴᠢ᠄ ᠶᠡᠷᠦ ᠨᠢ ᠰᠢᠬᠢᠷ ᠰᠢᠵᠢᠩ ᠡᠪᠡᠳᠴᠢᠨ ᠤᠯᠤᠭᠰᠠᠨ ᠭᠦᠮᠦᠰ ᠤᠨ ᠲᠤᠳᠤᠷ᠎ᠠ ᠪᠠᠰᠠ ᠮᠠᠷᠢᠶ᠎ᠠ ᠲᠠᠢ ᠲᠠᠷᠭᠤᠨ ᠭᠦᠮᠦᠨ ᠪᠠᠶᠢᠳᠠᠭ᠃ ᠡᠨᠡ ᠨᠢ ᠶᠠᠭᠠᠬᠢᠭᠠᠳ ᠪᠤᠢ︖   ᠪᠠᠢ ᠠᠷᠢᠭᠤᠨ᠎ᠠ ᠡᠮᠴᠢ᠄ ᠰᠢᠬᠢᠷ ᠰᠢᠵᠢᠩ ᠡᠪᠡᠳᠴᠢᠳᠠᠨ ᠡᠬᠢᠨ ᠳᠤ ᠪᠠᠨ ᠴᠢᠰᠦᠨ ᠤ ᠲᠤᠳᠤᠷᠠᠬᠢ ᠰᠢᠬᠢᠷ ᠤᠨ ᠭᠡᠮᠵᠢᠶ᠎ᠡ ᠭᠡᠪ ᠤᠨ ᠪᠠᠶᠢᠳᠠᠯ ᠠᠴᠠ ᠪᠠᠨ ᠦᠨᠳᠦᠷ ᠪᠤᠯᠬᠤ ‍ᠦᠶ᠎ᠠ ᠳᠤ ᠡᠬᠢᠯᠡᠵᠦ ᠮᠠᠷᠢᠶᠠᠯᠠᠳᠠᠭ᠂ ᠮᠠᠷᠢᠶᠠᠯᠠᠬᠤ ᠦᠶᠡᠰ ᠲᠤ ᠪᠠᠨ ᠴᠢᠰᠦᠨ ᠤ ᠦᠭᠡᠭᠦᠯᠢᠭ ᠦᠨᠳᠦᠷ ᠪᠤᠯᠵᠦ᠂ ᠦᠯᠦᠩ ᠦᠶ᠎ᠡ ᠶᠢᠨ ᠴᠢᠰᠦᠨ ᠤ ᠰᠢᠬᠢᠷ ᠤᠨ ᠭᠡᠮᠵᠢᠶ᠎ᠡ 6.5 ᠠᠴᠠ ᠦᠨᠳᠦᠷ ᠭᠠᠷᠴᠦ᠂ ᠭᠡᠷᠪᠡ ᠬᠤᠶᠠᠷ ᠤᠳᠠᠭᠠᠨ ᠤ ᠦᠯᠦᠩ ᠦᠶ᠎ᠡ ᠶᠢᠨ ᠴᠢᠰᠦᠨ ᠤ ᠰᠢᠬᠢᠷ ᠤᠨ ᠭᠡᠮᠵᠢᠶ᠎ᠡ ᠪᠦᠷ 6.5 ᠠᠴᠠ ᠲᠡᠭᠡᠭᠰᠢ ᠪᠤᠯᠪᠠᠯ ᠰᠢᠬᠢᠷ ᠰᠢᠵᠢᠩ ᠡᠪᠡᠳᠴᠢᠨ ᠢᠶᠠᠷ ᠤᠨᠤᠰᠢᠯᠡᠵᠦ ᠪᠤᠯᠤᠨ᠎ᠠ᠃ ᠶᠡᠷᠦ ᠨᠢ ᠭᠦᠮᠦᠰ ᠡᠬᠢᠯᠡᠵᠦ ᠮᠠᠷᠢᠶᠠᠯᠠᠨ᠂ ᠰᠢᠬᠢᠷᠯᠢᠭ ᠵᠦᠢᠯᠡᠰ ᠲᠤ ᠲᠤᠷᠠᠯᠠᠵᠦ ᠡᠬᠢᠯᠡᠪᠡᠯ ᠠᠩᠬᠠᠷᠤᠯ ᠳᠤ ᠪᠠᠨ ᠠᠪᠬᠤ ᠭᠡᠷᠡᠭᠳᠠᠢ᠃ ᠢᠯᠡᠭᠦᠦ ᠭᠦᠳᠡᠯᠭᠡᠭᠡᠨ ᠳᠤ ᠤᠷᠤᠯᠴᠠᠵᠦ᠂ ᠰᠢᠬᠢᠷᠯᠢᠭ ᠵᠦᠢᠯ ᠤᠨ ᠢᠳᠡᠬᠡᠨ ᠢᠳᠡᠵᠦ ᠤᠤᠭᠤᠬᠤ ᠪᠠᠨ ᠪᠠᠭᠠᠰᠬᠠᠬᠤ ᠶᠢ ᠠᠩᠬᠠᠷᠴᠦ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠭᠦ ᠭᠡᠷᠡᠭᠳᠠᠢ᠃   ᠰᠤᠷᠪᠤᠯᠵᠢᠯᠠᠭᠴᠢ᠄ ᠰᠢᠬᠢᠷ ᠰᠢᠵᠢᠩ ᠡᠪᠡᠳᠴᠢᠨ ᠭᠦᠨᠳᠦᠷᠡᠵᠦ ᠠᠮᠢ ᠨᠠᠰᠤᠨ ᠳᠤ ᠬᠦᠷᠦᠨ᠎ᠠ ᠭᠡᠳᠡᠭ᠃ ᠰᠢᠬᠢᠷ ᠰᠢᠵᠢᠩ ᠡᠪᠡᠳᠴᠢᠨ ᠭᠦᠨᠳᠦᠷᠡᠪᠡᠯ ᠲᠡᠶᠢᠮᠦ ᠠᠶᠤᠯᠳᠠᠢ ᠤᠤ︖    ᠪᠠᠢ ᠠᠷᠢᠭᠤᠨ᠎ᠠ ᠡᠮᠴᠢ᠄ ᠰᠢᠬᠢᠷ ᠰᠢᠵᠢᠩ ᠡᠪᠡᠳᠴᠢᠨ ᠠᠴᠠ ᠪᠤᠯᠵᠦ ᠲᠠᠭᠠᠯᠳᠠ ᠡᠪᠡᠳᠴᠢᠨ ᠭᠠᠷᠴᠦ ᠲᠠᠭᠠᠯᠳᠠ ᠡᠪᠡᠳᠴᠢᠨ ᠨᠢ ᠭᠦᠮᠦᠰ ᠤᠨ ᠠᠮᠢ ᠨᠠᠰᠤᠨ ᠳᠤ ᠭᠦᠷᠳᠡᠭ᠃ ᠰᠢᠬᠢᠷ ᠰᠢᠵᠢᠩ ᠡᠪᠡᠳᠴᠢᠨ ᠳᠤ ᠨᠡᠷᠪᠡᠭᠳᠡᠴᠢᠭᠡᠭᠡᠳ ᠦᠪᠡᠷ ᠤᠨ ᠢᠶᠠᠨ ᠴᠢᠰᠦᠨ ᠰᠢᠬᠢᠷ ᠤᠨ ᠭᠡᠮᠵᠢᠶ᠎ᠡ ᠪᠠᠨ ᠬᠠᠮᠢᠶᠠᠷᠳᠠᠭ ᠦᠭᠡᠢ ᠭᠦᠮᠦᠨ ᠤᠯᠠᠨ ᠪᠠᠶᠢᠨ᠎ᠠ᠃ ᠰᠢᠬᠢᠷ ᠰᠢᠵᠢᠩ ᠡᠪᠡᠳᠴᠢᠳᠠᠨ ᠡᠪᠡᠳᠴᠢᠨ ᠢᠶᠠᠨ ᠠᠩᠬᠠᠷᠤᠯ ᠳᠤ ᠪᠠᠨ ᠠᠪᠬᠤ ᠦᠭᠡᠢ ᠪᠤᠯ ᠲᠠᠷᠢᠬᠢᠨ ᠤ ᠰᠤᠳᠠᠯ᠂ ᠵᠢᠷᠦᠭᠡᠨ ᠤ ᠰᠤᠳᠠᠯ᠂ ᠪᠦᠭᠡᠷ᠎ᠡ ᠶᠢᠨ ᠨᠠᠷᠢᠨ ᠰᠤᠳᠠᠯ ᠨᠦᠯᠦᠭᠡᠯᠡᠭᠳᠡᠵᠦ᠂ ᠴᠢᠰᠦᠨ ᠲᠤᠳᠤᠷᠠᠬᠢ ᠰᠢᠬᠢᠷ ᠤᠨ ᠠᠭᠤᠯᠤᠭᠳᠠᠴᠠ ᠶᠡᠭᠡ ᠪᠤᠯᠪᠠᠯ ᠴᠢᠰᠦᠨ ᠰᠤᠳᠠᠯ ᠤᠨ ᠬᠠᠷᠢᠮᠠᠬᠠᠢ ᠴᠢᠨᠠᠷ ᠮᠠᠭᠤᠳᠠᠵᠦ ᠰᠤᠳᠠᠯ ᠬᠠᠳᠠᠭᠤᠷᠠᠵᠦ᠂ ᠵᠢᠷᠦᠭᠡ᠂ ᠲᠠᠷᠢᠬᠢᠨ ᠤ ᠰᠤᠳᠠᠯ ᠪᠦᠭᠯᠡᠷᠡᠵᠦ᠂ ᠰᠠ ᠡᠪᠡᠳᠴᠢᠨ ᠤᠯᠬᠤ᠂ ᠵᠢᠷᠦᠭᠡᠨ ᠬᠠᠳᠬᠤᠯᠭ᠎ᠠ ᠡᠪᠡᠳᠴᠢᠨ ᠢᠶᠠᠷ ᠨᠠᠰᠤ ᠪᠠᠷᠠᠬᠤ ᠦᠵᠡᠭᠳᠡᠯ ᠭᠠᠷᠤᠨ᠎ᠠ᠃ ᠲᠡᠭᠡᠪᠡᠯ ᠪᠠᠰᠠ ᠰᠢᠬᠢᠷ ᠰᠢᠵᠢᠩ ᠡᠪᠡᠳᠴᠢᠨ ᠠᠴᠠ ᠪᠤᠯᠵᠦ ᠴᠠᠭᠠᠨ ᠰᠤᠳᠠᠯ ᠢ ᠭᠡᠮᠳᠦᠭᠡᠵᠦ ᠭᠦᠯ ᠭᠠᠷ ᠮᠢᠨᠴᠤᠷᠠᠭᠦ ᠰᠢᠨᠵᠢ ᠡᠭᠦᠰᠴᠦ᠂ ᠰᠢᠷᠬ᠎ᠠ ᠰᠤᠷᠪᠢ ᠠᠮᠠᠷᠬᠠᠨ ᠡᠳᠡᠭᠡᠷᠡᠭᠦ ᠦᠭᠡᠢ ᠦᠵᠡᠭᠳᠡᠯ ᠭᠠᠷᠴᠦ᠂ ᠲᠦᠷᠪᠡᠨ ᠮᠦᠴᠢ ᠶᠢᠨ ᠦᠭᠦᠵᠢᠯ ᠡᠭᠦᠰᠭᠦ ᠠᠶᠤᠯ ᠲᠠᠢ᠃     ᠰᠤᠷᠪᠤᠯᠵᠢᠯᠠᠭᠴᠢ᠄ ᠲᠡᠭᠡᠪᠡᠯ ᠰᠡᠭᠦᠯᠴᠢ ᠶᠢᠨ ᠦᠶ᠎ᠡ ᠳᠤ ᠤᠯᠤᠭᠰᠠᠨ ᠰᠢᠬᠢᠷ ᠰᠢᠵᠢᠩ ᠡᠪᠡᠳᠴᠢᠨ ᠢ ᠵᠠᠰᠠᠵᠦ ᠢᠯᠡᠷᠢ ᠪᠤᠯᠭᠠᠵᠦ ᠲᠡᠶᠢᠯᠦᠨ᠎ᠠ ᠤᠤ︖    ᠪᠠᠢ ᠠᠷᠢᠭᠤᠨ᠎ᠠ ᠡᠮᠴᠢ᠄ ᠰᠡᠭᠦᠯᠴᠢ ᠶᠢᠨ ᠦᠶ᠎ᠡ ᠳᠤ ᠤᠯᠤᠭᠰᠠᠨ ᠰᠢᠬᠢᠷ ᠰᠢᠵᠢᠩ ᠡᠪᠡᠳᠴᠢᠳᠠᠨ ᠢ ᠡᠮᠨᠡᠯᠭᠡ ᠳᠤ ᠡᠮ ᠲᠠᠩ ᠭᠡᠷᠡᠭᠯᠡᠵᠦ ᠢᠳᠡᠭᠡᠨ ᠤᠮᠳᠠᠭᠠᠨ ᠢᠶᠠᠷ ᠲᠠᠮᠵᠢᠭᠤᠯᠵᠦ ᠴᠢᠰᠦᠨ ᠰᠢᠬᠢᠷ ᠤᠨ ᠭᠡᠮᠵᠢᠶ᠎ᠡ ᠶᠢ ᠭᠡᠪ ᠤᠨ ᠪᠠᠶᠢᠳᠠᠯ ᠲᠠᠢ ᠤᠶᠢᠷᠠᠬᠠᠨ ᠪᠤᠯᠭᠠᠵᠦ ᠪᠤᠯᠤᠨ᠎ᠠ᠃ ᠡᠪᠡᠳᠴᠢᠳᠠᠨ ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠵᠦ᠂ ᠡᠮ ᠲᠠᠩ ᠢᠶᠠᠨ ᠰᠠᠶᠢᠳᠤᠷ ᠤᠤᠭᠤᠵᠦ᠂ ᠢᠳᠡᠵᠦ ᠤᠤᠭᠤᠬᠤ᠂ ᠤᠨᠳᠠᠵᠦ ᠠᠮᠠᠷᠠᠬᠤ᠂ ᠭᠦᠳᠡᠯᠭᠡᠭᠡᠨ ᠢᠶᠠᠨ ᠠᠩᠬᠠᠷᠴᠦ ᠴᠢᠰᠦᠨ ᠤ ᠰᠢᠬᠢᠷ ᠤᠨ ᠭᠡᠮᠵᠢᠶ᠎ᠡ ᠭᠡᠪ ᠤᠨ ᠪᠠᠶᠢᠳᠠᠯ ᠳᠤ ᠤᠷᠤᠭᠰᠠᠨ ᠪᠠᠶᠢᠪᠠᠯ ᠡᠮ ᠲᠠᠩ ᠤᠨ ᠢᠶᠠᠨ ᠭᠡᠮᠵᠢᠶ᠎ᠡ ᠶᠢ ᠪᠠᠭ᠎ᠠ ᠪᠠᠭ᠎ᠠ ᠪᠠᠷ ᠬᠠᠰᠤᠵᠦ ᠪᠤᠯᠤᠨ᠎ᠠ᠃ ᠭᠡᠪᠡᠴᠦ ᠰᠢᠬᠢᠷ ᠰᠢᠵᠢᠩ ᠡᠪᠡᠳᠴᠢᠳᠠᠨ ᠡᠮ ᠲᠠᠩ ᠢᠳᠡᠭᠡᠨ ᠤᠮᠳᠠᠭᠠᠨ ᠢᠶᠠᠷ ᠲᠠᠮᠵᠢᠭᠤᠯᠵᠦ ᠢᠯᠡᠷᠢ ᠪᠤᠯᠤᠭᠰᠠᠨ ᠴᠦ ᠴᠢᠰᠤᠨ ᠤ  ᠰᠢᠬᠢᠷ ᠤᠨ ᠬᠡᠮᠵᠢᠶ᠎ᠡ ᠨᠢ  ᠡᠷᠡᠭᠦᠯ ᠬᠦᠮᠦᠨ  ᠲᠠᠢ ᠵᠦᠷᠢᠶᠡᠨ ᠲᠠᠢ᠂ ᠬᠡᠪᠡᠴᠤ ᠡᠮᠴᠢᠯᠡᠭᠡ ᠶᠢᠨ ᠦᠷ᠎ᠡ ᠳ᠋ᠦᠩ ᠢ ᠡᠷᠡᠭᠦᠯ ᠤᠨ ᠬᠡᠮᠵᠢᠶ᠎ᠡ ᠲᠠᠢ ᠬᠠᠮᠤᠭ ᠤᠨ ᠤᠶᠢᠷᠠᠯᠴᠠᠭ᠎ᠠ ᠪᠤᠯᠭᠠᠬᠤ ᠪᠠᠷ ᠴᠢᠷᠮᠠᠶᠢᠳᠠᠭ᠃ ᠳᠠᠷᠤᠢ 50 ᠨᠠᠰᠤᠨ ᠠᠴᠠ ᠳᠡᠭᠡᠭᠰᠢᠬᠢ ᠬᠦᠮᠦᠰ ᠤᠨ ᠰᠢᠬᠢᠷ ᠰᠢᠵᠢᠩ ᠡᠪᠡᠳᠴᠢᠳᠠᠨ ᠤ ᠴᠢᠰᠤᠨ ᠤ ᠰᠢᠬᠢᠷ ᠢ 8   ᠠᠴᠠ ᠪᠠᠭ᠎ᠠ ᠪᠤᠯᠭᠠᠵᠦ᠂ ᠬᠤᠭᠤᠯᠠᠨ ᠤ ᠳᠠᠷᠠᠭ᠎ᠠ 12 ᠠᠴᠠ ᠪᠠᠭ᠎ᠠ ᠪᠤᠯᠭᠠᠨ᠎ᠠ  ᠂ 80 ᠨᠠᠰᠤᠨ ᠠᠴᠠ ᠳᠡᠭᠡᠭᠰᠢᠬᠢ ᠬᠦᠮᠦᠰ ᠪᠤᠯ ᠥᠯᠥᠩ ᠦᠶᠡᠰ 10 ᠪᠠᠷ ᠪᠠᠷᠢᠮᠵᠢᠶᠠᠯᠠᠵᠦ᠂ ᠬᠤᠭᠤᠯᠠᠨ ᠤ ᠳᠠᠷᠠᠭ᠎ᠠ 15 ᠪᠠᠷ ᠪᠠᠷᠢᠮᠵᠢᠶᠠᠯᠠᠵᠦ ᠪᠤᠯᠤᠨ᠎ᠠ᠃ ᠰᠢᠬᠢᠷ ᠰᠢᠵᠢᠩ ᠡᠪᠡᠳᠴᠢᠳᠡᠨ ᠪᠤᠯ  ᠢᠯᠡᠭᠦᠦ ᠰᠢᠬᠢᠷᠯᠢᠭ ᠢᠳᠡᠭᠡᠨ ᠳᠤ ᠳᠤᠷᠠᠯᠠᠬᠤ ᠣᠴᠢᠷ ᠠᠴᠠ ᠪᠡᠶ᠎ᠡ ᠪᠠᠨ ᠪᠠᠷᠢᠵᠦ᠂ ᠦᠷᠭᠦᠯᠵᠢ ᠶᠢᠨ ᠴᠢᠨᠠᠷ ᠲᠠᠢ ᠢᠳᠡᠭᠡᠨ ᠢᠶᠠᠨ ᠠᠩᠬᠠᠷᠬᠤ ᠬᠡᠷᠡᠭᠳᠡᠢ᠃ ᠴᠢᠰᠤᠨ ᠤ ᠰᠢᠬᠢᠷ ᠤᠨ ᠬᠡᠮᠵᠢᠶ᠎ᠡ ᠬᠡᠪ ᠤᠨ ᠪᠠᠶᠢᠳᠠᠯ ᠳᠤ  ᠤᠷᠤᠯ᠎ᠠ ᠭᠡᠰᠡᠨ ᠴᠦ ᠢᠳᠡᠭᠡᠨ ᠢᠶᠠᠨ ᠠᠩᠬᠠᠷᠴᠤ᠂ ᠲᠤᠭᠳᠠᠭᠰᠠᠨ  ᠴᠠᠭ ᠲᠠᠢ ᠴᠢᠰᠤᠨ ᠤ ᠰᠢᠬᠢᠷ ᠢᠶᠠᠨ ᠪᠠᠶᠢᠴᠠᠭᠠᠬᠤ ᠶᠢ ᠤᠮᠳᠤᠭᠠᠶᠢᠯᠠᠵᠦ ᠪᠤᠯᠠᠬᠤ ᠦᠭᠡᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号