ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠬᠢᠬᠦ ᠲᠠᠰᠢᠷᠠᠮ ᠳᠤ᠂ ᠲᠠᠶᠢᠹᠤᠰᠧ ᠬᠤᠰᠢᠭᠤᠨ ᠤ ᠮᠥᠩᠭᠦᠨ | ᠭᠦᠢᠯᠭᠡᠭᠡᠨ ᠤ ᠰᠠᠯᠠᠭ᠎ᠠ ᠮᠥᠴᠢᠷ ᠤᠳ ᠨᠢ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠳᠤᠨ ᠳᠤ ᠬᠦᠷᠴᠦ | ᠦᠢᠯᠡᠴᠢᠯᠡᠨ᠂ ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠳᠤ ᠱᠠᠭᠠᠷᠳᠠᠭᠳᠠᠬᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠦᠷᠨᠢᠬᠦᠯᠵᠦ ᠪᠠᠶᠢᠨ᠎ᠠ᠃ ᠲᠠᠷᠢᠶᠠᠴᠢᠳ ᠢ ᠬᠠᠪᠰᠤᠷᠤᠨ ᠪᠡᠯᠡ | ᠮᠥᠩᠭᠦ ᠶᠢᠨ ᠬᠡᠷᠡᠭᠴᠡᠭᠡ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠲᠥᠯᠥᠭᠡ᠂ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠲᠠᠶᠢᠹᠤᠰᠧ ᠬᠤᠰᠢᠭᠤᠨ ᠤ ᠰᠠᠯᠪᠤᠷᠢ ᠪᠠᠩᠬᠢ ᠨᠢ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ | ᠪᠡᠯᠡ ᠮᠥᠩᠭᠦ ᠶᠢ ᠤᠷᠢᠳᠠᠪᠠᠷ ᠬᠠᠩᠭᠠᠨ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ | ᠪᠡᠯᠡ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠪᠡ᠃ ᠭᠤᠤ ᠵᠠᠨ ᠫᠧᠩ ᠪᠣᠯ ᠬᠤᠩ ᠴᠢ ᠪᠠᠯᠭᠠᠰᠤᠨ ᠤ ᠲᠣᠮᠣ | ᠲᠠᠷᠢᠶᠠᠴᠢᠨ ᠡᠷᠦᠬᠡ᠂ ᠮᠦᠨᠴᠦ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠬᠠᠭᠤᠴᠢᠨ ᠵᠣᠴᠢᠨ ᠪᠠᠶᠢᠵᠠᠢ᠃ | ᠤᠶᠢᠷ᠎ᠠ ᠶᠢᠨ ᠵᠢᠯ ᠤᠳ ᠲᠤ᠂ ᠯᠠᠩᠭᠤᠸᠠ ᠲᠠᠷᠢᠬᠤ ᠪᠠᠶᠠᠵᠢᠯ ᠤᠨ ᠵᠠᠮ ᠢᠶᠠᠷ ᠵᠠᠮᠨᠠᠵᠤ᠂ ᠲᠠᠷᠢᠮᠠᠯ ᠤᠨ ᠲᠠᠯᠠᠪᠠᠢ ᠨᠢ | ᠵᠢᠯ ᠳᠠᠷᠠᠭᠠᠯᠠᠨ ᠥᠷᠭᠡᠳᠬᠦ ᠶᠢ ᠲᠠᠭᠠᠯᠳᠤᠭᠠᠳ᠂ ᠬᠠᠪᠤᠷ ᠤᠨ ᠲᠠᠷᠢᠶᠠᠯᠠᠭ᠎ᠠ ᠪᠣᠯᠬᠤ ᠦᠶᠡᠰ ᠪᠡᠯᠡᠳᠬᠡᠯ ᠠᠵᠢᠯ | ᠳᠤ ᠭᠡᠷᠡᠭᠰᠡᠬᠦ ᠪᠡᠯᠡ ᠮᠦᠩᠬᠦ ᠶᠢ ᠵᠠᠷᠤᠯᠭ᠎ᠠ ᠴᠤ ᠶᠡᠬᠡᠪᠡᠷ ᠨᠡᠮᠡᠭᠳᠡᠵᠡᠢ᠃ ᠲᠡᠭᠦᠨ ᠤ ᠪᠠᠶᠢᠳᠠᠯ ᠢ ᠣᠶᠢᠯᠠᠭᠠᠭᠰᠠᠨ ᠤ | ᠳᠠᠷᠠᠭ᠎ᠠ᠂ ᠪᠠᠩᠬᠢ ᠶᠢᠨ ᠠᠵᠢᠯᠲᠠᠳ ᠲᠡᠭᠦᠨ ᠳᠤ 100 ᠲᠦᠮᠡᠨ ᠲᠥᠭᠦᠷᠢᠭ ᠤᠨ ᠪᠠᠳᠤᠯᠠᠭᠠᠳᠤ ᠵᠢᠭᠡᠯᠡᠯᠭᠡ | ᠤᠯᠭᠤᠵᠤ ᠂ ᠪᠡᠯᠡ ᠮᠦᠩᠬᠦᠨ ᠤ ᠠᠰᠠᠭᠤᠳᠠᠯ ᠢ ᠨᠢ ᠰᠢᠢᠳᠪᠦᠷᠢᠯᠡᠭᠡᠳ᠂ ᠦᠢᠯᠡᠳᠪᠦᠷᠢᠯᠡᠯ ᠤᠨ ᠬᠡᠪᠴᠢᠶ᠎ᠡ ᠪᠠᠨ | ᠥᠷᠭᠡᠳᠬᠡᠬᠦ ᠳᠤᠨᠢ ᠢᠲᠡᠭᠡᠯ ᠵᠣᠷᠢᠭ ᠨᠡᠮᠡᠭᠰᠡᠨ ᠪᠠᠶᠢᠨ᠎ᠠ᠃ | ᠶᠦᠩ ᠹᠧᠩ ᠪᠠᠯᠭᠠᠰᠤᠨ ᠤ ᠰᠢᠩ ᠹᠦ᠋ ᠲᠣᠰᠬᠤᠨ ᠤ ᠲᠠᠷᠢᠶᠠᠴᠢᠨ ᠡᠷᠦᠬᠡ ᠶᠠᠩ ᠸᠠᠨ ᠬᠠᠶ ᠶᠢᠨ ᠬᠢᠨ | ᠬᠡᠳᠦᠨ ᠵᠠᠭᠤᠨ ᠬᠤᠨᠢ ᠮᠠᠯᠵᠢᠳᠠᠭ᠂ ᠡᠨᠡ ᠵᠢᠯ ᠮᠠᠯᠵᠢᠯ ᠤᠨ ᠬᠡᠪᠴᠢᠶ᠎ᠡ ᠪᠠᠨ ᠥᠷᠭᠡᠳᠬᠡᠬᠦ ᠪᠠᠷ ᠲᠦᠯᠦᠪᠯᠡᠭᠡᠳ | ᠵᠤᠭᠤᠰ ᠮᠦᠩᠬᠦ ᠲᠤᠳᠠᠭᠳᠠᠵᠤ ᠪᠠᠶᠢᠪᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠰᠢᠤᠳᠠᠨ ᠪᠠᠩᠬᠢ ᠶᠢᠨ ᠬᠢᠨ | ᠲᠡᠳᠡᠨ ᠤ ᠬᠡᠷ ᠲᠤᠨᠢ ᠬᠦᠷᠴᠦ ᠂ ᠰᠦᠯᠵᠢᠶᠡᠨ ᠳᠡᠭᠡᠷ᠎ᠡ ᠡᠷᠡᠮᠡᠯᠵᠡᠯᠡᠬᠦ ᠶᠠᠪᠤᠴᠠ ᠶᠢ ᠤᠳᠠᠵᠤ ᠲᠦᠳᠡᠯ ᠦᠬᠡᠢ | ᠬᠠᠪᠰᠤᠷᠤᠨ ᠬᠦᠢᠴᠡᠳᠭᠡᠭᠡᠳ᠂ ᠨᠢᠭᠡ ᠴᠠᠭ ᠪᠣᠯᠤᠯ ᠥᠬᠡᠶ ᠪᠠᠷ 12.8 ᠲᠦᠮᠡᠨ ᠲᠦᠬᠦᠷᠢᠭ ᠤᠨ ᠲᠠᠷᠢᠶᠠᠯᠠᠩ ᠳᠤ | ᠲᠤᠰᠠᠯᠠᠬᠤ ᠵᠢᠭᠡᠯᠡᠯᠭᠡ ᠶᠢ ᠺᠠᠷᠲ ᠲᠤᠨᠢ ᠤᠷᠤᠭᠤᠯᠵᠠᠢ᠃ ᠤᠶᠢᠯᠠᠭᠠᠭᠰᠠᠨ ᠢᠶᠠᠷ᠂ ᠲᠤᠰ ᠲᠣᠰᠬᠤᠨ ᠤ ᠪᠤᠰᠤᠳ | ᠭᠡᠳᠦᠨ ᠡᠷᠦᠬᠡ ᠴᠤ ᠪᠠᠩᠬᠢ ᠶᠢᠨ ᠠᠵᠢᠯᠲᠠᠨ ᠤ ᠵᠢᠯᠣᠭᠤᠳᠣᠯᠭ᠎ᠠ ᠳᠣᠤᠷ᠎ᠠ ᠠᠳᠠᠯᠢ ᠪᠤᠰᠤ ᠬᠡᠮᠵᠢᠶᠡᠨ ᠤ ᠵᠢᠭᠡᠯᠡᠯᠭᠡ | ᠶᠢᠨ ᠮᠦᠩᠬᠦ ᠶᠢ ᠡᠷᠡᠮᠡᠯᠵᠡᠯᠡᠨ ᠤᠯᠤᠭᠰᠠᠨ ᠪᠠᠶᠢᠯ᠎ᠠ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠳᠤᠯᠠᠭ᠎ᠠ ᠬᠠᠩᠭᠠᠬᠤ ᠶᠢᠨ ᠲᠤᠰᠠᠳᠠ᠂ ᠰᠢᠤᠳᠠᠨ | ᠪᠠᠩᠬᠢ ᠶᠢᠨ ᠲᠠᠶᠢᠹᠤᠰᠧ ᠬᠤᠰᠢᠭᠤᠨ ᠳᠠᠬᠢ ᠰᠠᠯᠪᠤᠷᠢ ᠪᠠᠩᠬᠢ ᠨᠢ ︽ ᠬᠠᠪᠤᠷ ᠤᠨ ᠲᠠᠷᠢᠶᠠᠯᠠᠭ᠎ᠠ ᠳᠤ ᠲᠤᠰᠠᠯᠠᠠᠬᠤ︾ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠤ ᠮᠥᠩᠭᠦᠨ ᠭᠦᠢᠯᠭᠡᠭᠡᠨ ᠤ ᠭᠤᠣᠯ | ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠬᠦᠳᠡᠭᠡ ᠲᠤᠰᠬᠤᠨ ᠳᠤ | ᠬᠦᠨᠵᠡᠬᠡᠶᠢᠷᠡᠨ ᠵᠢᠭᠡᠯᠡᠯᠭᠡ ᠲᠠᠯᠪᠢᠬᠤ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠳᠤ | ᠭᠡᠷᠡᠭᠰᠡᠬᠦ ᠪᠡᠯᠡ ᠮᠦᠩᠬᠦᠨ ᠤ ᠠᠰᠠᠭᠤᠳᠠᠯ ᠢ ᠰᠢᠢᠳᠪᠦᠷᠢᠯᠡᠨ᠂ ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃ | ᠲᠠᠶᠢᠹᠤᠰᠧ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠨᠢ ᠴᠤ ᠬᠠᠪᠤᠷ ᠤᠨ ᠲᠠᠷᠢᠶᠠᠯᠠᠭ᠎ᠠ ᠬᠦᠷᠴᠦ | ᠢᠷᠡᠬᠦ ᠲᠠᠰᠢᠷᠠᠮ ᠢᠶᠠᠷ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠳᠤ ᠬᠦᠷᠲᠡᠯ᠎ᠡ ᠥᠷᠭᠡᠳᠬᠡᠵᠦ᠂ ᠲᠠᠷᠢᠶᠠᠯᠠᠩ ᠳᠤ ᠬᠤᠯᠪᠣᠭᠳᠠᠬᠤ ᠮᠥᠩᠭᠦᠨ ᠭᠦᠢᠯᠭᠡᠭᠡᠨ ᠤ ᠬᠡᠷᠡᠭᠴᠡᠭᠡ ᠶᠢ | ᠲᠣᠳᠣᠷᠬᠠᠢ ᠤᠶᠢᠯᠠᠭᠠᠨ᠂ ᠴᠠᠭ ᠲᠤᠬᠠᠢ ᠳᠤᠨᠢ ᠵᠢᠭᠡᠯᠡᠯᠭᠡ ᠲᠠᠯᠪᠢᠵᠤ᠂ ᠤᠯᠠᠨ ᠲᠦᠮᠡᠨ ᠤ ᠪᠡᠯᠡᠳᠬᠡᠯ ᠠᠵᠢᠯ ᠳᠤ ︽ | ᠰᠡᠳᠬᠢᠯ ᠠᠮᠤᠷᠵᠢᠭᠤᠯᠬᠤ ᠦᠷᠢᠯ︾ ᠪᠤᠯᠭᠠᠵᠠᠢ᠃ ᠶᠦᠩ ᠹᠧᠩ ᠪᠠᠯᠭᠠᠰᠤᠨ ᠤ ᠾᠧ ᠰᠢ ᠲᠣᠰᠬᠤᠨ ᠤ ᠲᠠᠷᠢᠶᠠᠴᠢᠨ | ᠾᠦᠢ ᠾᠧ ᠪᠤᠯ ᠬᠥᠳᠡᠯᠵᠦ ᠪᠠᠷᠢᠬᠤ ᠳᠤ ᠳᠥᠭᠦᠮ ᠦᠭᠡᠢ ᠵᠡᠮᠳᠡᠭ ᠬᠦᠮᠦᠨ ᠶᠤᠮ᠃ ᠪᠠᠩᠬᠢ ᠶᠢᠨ ᠠᠵᠢᠯᠲᠠᠳ | ᠲᠡᠭᠦᠨ ᠤ ᠭᠡᠷ ᠲᠤᠨᠢ ᠬᠦᠷᠴᠦ᠂ 20 ᠲᠦᠮᠡᠨ ᠲᠥᠭᠦᠷᠢᠭ ᠤᠨ ᠵᠢᠭᠡᠯᠡᠯᠭᠡ ᠶᠢ ᠤᠯᠭᠤᠭᠠᠳ᠂ ᠲᠡᠭᠦᠨ ᠤ | ᠨᠤᠭᠤᠭ᠎ᠠ ᠲᠠᠷᠢᠵᠤ ᠤᠷᠤᠯᠭ᠎ᠠ ᠪᠠᠨ ᠨᠡᠮᠡᠭᠳᠡᠬᠦᠯᠬᠦ ᠤᠷᠮ᠎ᠠ ᠵᠤᠷᠢᠭ ᠢ ᠨᠢ ᠬᠦᠪᠴᠢᠯᠡᠭᠰᠡᠨ ᠪᠠᠶᠢᠨ᠎ᠠ᠃ | ᠤᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ | ᠤᠯᠤᠰ ᠤᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠤᠤᠷᠢᠶᠠᠳᠤᠨ | ᠳᠠᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠬᠦᠳᠦᠨ᠂ ᠢᠲᠡᠭᠡᠮᠵᠢᠲᠦ | ᠵᠢᠭᠡᠯᠡᠯᠭᠡ ᠲᠠᠷᠬᠠᠭᠠᠬᠤ ᠠᠯᠬᠤᠮ ᠶᠠᠪᠤᠴᠠ ᠶᠢ ᠰᠢᠯᠤᠭᠤᠳᠬᠠᠵᠤ ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ | ᠮᠠᠯᠵᠢᠬᠤ ᠤᠷᠤᠨ ᠲᠠᠷᠢᠶᠠᠴᠢᠨ ᠮᠠᠯᠴᠢᠨ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ᠂ ᠤᠬᠠᠭᠤᠯᠭ᠎ᠠ ᠶᠢᠨ ᠠᠵᠢᠯ ᠢ ᠢᠳᠡᠪᠬᠢᠳᠡᠢ ᠦᠷᠨᠢᠬᠦᠯᠬᠦ ᠪᠠᠷ | ᠲᠠᠮᠵᠢᠭᠠᠳ ᠮᠠᠯᠵᠢᠬᠤ ᠲᠠᠷᠢᠶᠠᠯᠠᠬᠤ ᠣᠷᠣᠨ ᠳᠤ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠬᠦᠯᠵᠦ᠂ ᠦᠷ᠎ᠡ | ᠪᠦᠳᠦᠮᠵᠢ ᠲᠠᠢ᠂ ᠳᠥᠭᠦᠮ ᠲᠦᠳᠡ᠂ ᠬᠠᠯᠠᠭᠤᠨ ᠳᠣᠲᠣᠨᠣᠰᠤᠭ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠮᠠᠯᠴᠢᠨ ᠲᠠᠷᠢᠶᠠᠴᠢᠨ ᠤ ᠳᠡᠷᠭᠡᠳᠡ ᠬᠦᠷᠭᠡᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠵᠦ ᠪᠠᠶᠢᠨ᠎ᠠ᠃ |