ᠬᠥᠳᠡᠭᠡ ᠲᠣᠰᠬᠤᠨ ᠨᠡᠶᠢᠭᠡᠮ ᠲᠣᠭᠤᠷᠢᠭ ᠨᠢᠭᠡ ᠭᠡᠷ ᠤᠨ ᠬᠢᠨ ᠮᠡᠳᠦ ᠨᠢᠬᠳᠠᠷᠠᠵᠤ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠬᠦᠳᠡᠯᠪᠦᠷᠢ ᠠᠵᠢᠯᠯᠠᠭ᠎ᠠ ᠳᠤ ᠤᠷᠤᠯᠴᠠᠨᠠᠮ
ᠨᠡᠶᠢᠲᠡᠯᠡᠭᠰᠡᠨ ᠴᠠᠭ᠄
2023/4/6
 ᠪᠥᠬᠦ ᠠᠷᠠᠳ ᠢᠶᠠᠷ ᠢᠶᠠᠨ ᠴᠢᠬᠢᠷᠠᠭᠵᠢᠬᠤ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠲᠦᠮᠡᠨ ᠤ ᠰᠣᠶᠣᠯ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 4 ᠰᠠᠷ᠎ᠠ ᠶᠢᠨ 3 ᠤ ᠡᠳᠦᠷ ᠲᠠᠶᠢᠹᠤᠰᠧ ᠬᠤᠰᠢᠭᠤᠨ ᠤ  ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠ ᠠᠵᠢᠯᠴᠢᠨ ᠤ ᠶᠡᠷᠦᠩᠬᠡᠢ ᠡᠪᠯᠡᠯ  ᠨᠢ ᠲᠠᠪᠤᠳᠤᠭᠠᠷ ᠬᠤᠭᠤᠴᠠᠭᠠᠨ ᠤ ︽ᠬᠥᠳᠡᠭᠡ ᠲᠣᠰᠬᠤᠨ ᠨᠡᠶᠢᠭᠡᠮ ᠲᠣᠭᠤᠷᠢᠭ ᠨᠢᠭᠡ ᠭᠡᠷ ᠤᠨ ᠬᠢᠨ ᠮᠡᠳᠦ  ᠨᠢᠬᠳᠠᠷᠠᠶ᠎ᠠ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠵᠡᠭᠦᠯᠦᠯᠭᠡ ᠶᠢᠨ ᠲᠣᠭᠯᠠᠯᠲᠠ ᠶᠢ  ᠡᠷᠬᠢᠯᠡᠵᠡᠢ᠃  ᠡᠯ᠎ᠡ ᠨᠡᠶᠢᠭᠡᠮ ᠲᠣᠭᠤᠷᠢᠭ ᠬᠢᠭᠡᠳ ᠨᠠᠰᠤᠳᠠᠶᠢᠴᠤᠳ ᠤᠨ ᠤᠷᠠᠯᠢᠭ ᠤᠨ ᠪᠦᠯᠬᠦᠮ᠂ ᠨᠠᠰᠤᠲᠠᠶᠢᠴᠤᠳ ᠤᠨ ᠶᠡᠭᠡ ᠰᠤᠷᠭᠠᠭᠤᠯᠢ   ᠠᠴᠠ ᠢᠷᠡᠭᠰᠡᠨ ᠢᠳᠡᠷ ᠥᠲᠡᠯᠦᠭᠡ ᠨᠠᠰᠤᠨ ᠤ ᠬᠥᠮᠥᠰ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ︽ ᠬᠢᠯᠠᠯᠵᠠᠭᠰᠠᠨ ᠤᠯᠠᠭᠠᠨ ᠣᠲᠣ︾᠂ ︽ᠲᠠᠪᠤᠨ ᠣᠳᠣᠲᠤ ᠤᠯᠠᠭᠠᠨ ᠲᠤᠭ︾ ᠵᠡᠷᠭᠡ  ᠤᠷᠠᠨ ᠭᠤᠴᠤ ᠳᠠᠭᠤᠤ ᠪᠦᠵᠢᠭ ᠨᠢ ᠠᠷᠠᠳ ᠲᠦᠮᠡᠨ ᠤ ᠡᠪ ᠬᠠᠮᠳᠤ ᠨᠠᠮ ᠪᠠ ᠡᠬᠡ ᠤᠯᠤᠰ ᠲᠠᠭᠠᠨ ᠡᠷᠬᠦᠭᠰᠡᠨ ᠬᠠᠯᠠᠭᠤᠨ ᠬᠠᠶᠢᠷ᠎ᠠ ᠪᠠ ᠮᠠᠭᠲᠠᠭᠠᠯ ᠬᠦᠨᠳᠦᠳᠭᠡᠯ ᠢ ᠢᠯᠡᠳᠭᠡᠨ  ᠂ ᠪᠡᠶ᠎ᠡ ᠴᠢᠭᠢᠷᠠᠭᠵᠢᠭᠤᠯᠬᠤ ᠲᠠᠮᠢᠷ᠂ ᠷᠦᠮᠪᠠ ᠪᠥᠵᠢᠭ᠂ ᠮᠣᠲᠧᠯ ᠤᠨ  ᠦᠵᠡᠬᠦᠯᠦᠯᠭᠡ ᠵᠡᠷᠭᠡ   ᠨᠢ ᠰᠢᠨ᠎ᠡ ᠴᠠᠭ ᠦᠶ᠎ᠡ ᠶᠢᠨ ᠢᠳᠡᠷ ᠥᠲᠡᠯᠦᠭᠡ ᠨᠠᠰᠤᠨ ᠤ ᠬᠥᠮᠥᠰ ᠤᠨ ᠠᠮᠢᠳᠤᠷᠠᠯ ᠳᠠᠭᠠᠨ ᠬᠠᠶᠢᠷᠠᠲᠠᠢ᠂  ᠦᠭᠡᠳᠡᠷᠭᠡᠭ ᠲᠠᠪᠰᠢᠩᠭᠤᠢ ᠴᠠᠭ ᠦᠶ᠎ᠡ  ᠶᠢᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠠᠬᠤᠢ ᠲᠠᠯᠠᠪᠠᠶ ᠶᠢᠨ ᠦᠵᠡᠭᠴᠢᠳ ᠲᠤ ᠨᠢᠭᠡᠨ ᠲᠠᠯᠠᠪᠠᠢ ︽ᠲᠠᠩᠰᠤᠭ ᠨᠠᠶᠢᠷ︾ ᠢ  ᠬᠠᠷᠠᠭᠤᠯᠤᠭᠰᠠᠨ ᠪᠠᠶᠢᠨ᠎ᠠ᠃ ᠪᠦᠬᠦ ᠠᠷᠠᠳ ᠢᠶᠠᠷ ᠢᠶᠠᠨ ᠴᠢᠭᠢᠷᠠᠭᠵᠢᠬᠤ ᠪᠣᠯ ᠠᠷᠠᠳ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠡᠷᠡᠭᠦᠯ ᠡᠩᠬᠡ ᠠᠮᠢᠳᠤᠷᠠᠬᠤ   ᠶᠢᠨ ᠰᠠᠭᠤᠷᠢ ᠪᠠ ᠪᠠᠲᠤᠯᠠᠭ᠎ᠠ  ᠶᠤᠮ᠃  ᠡᠨᠡ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ᠂ ᠲᠠᠶᠢᠹᠤᠰᠧ ᠬᠤᠰᠢᠭᠤᠨ ᠤ ᠥᠷᠭᠡᠨ ᠣᠯᠠᠨ ᠢᠳᠡᠷ ᠥᠲᠡᠯᠦᠭᠡ ᠨᠠᠰᠤᠨ ᠤ ᠬᠥᠮᠥᠰ ᠤᠨ ᠴᠤᠭ ᠪᠠᠳᠠᠷᠠᠩᠭᠤᠢ   ᠪᠠᠷ ᠡᠷᠡᠯᠬᠡᠭᠯᠡᠨ ᠤᠷᠤᠭᠰᠢᠯᠠᠬᠤ᠂ ᠢᠳᠡᠪᠬᠢᠲᠡᠢ ᠪᠠᠷ ᠥᠭᠡᠳᠡᠯᠡᠨ ᠳᠠᠪᠰᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠦ᠂  ᠠᠷᠠᠳ ᠢᠷᠭᠡᠳ  ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ  ᠤᠷᠮ᠎ᠠ ᠵᠤᠷᠢᠭ ᠢ ᠲᠠᠶᠢᠴᠢᠯᠠᠨ᠂  ᠲᠡᠳᠡᠨ ᠢ ᠵᠢᠯᠤᠭᠤᠳᠴᠤ ᠪᠠᠶᠢᠭᠠᠳ ᠰᠣᠶᠣᠯ ᠲᠠᠮᠢᠷ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠰᠠᠨᠠᠭᠠᠴᠢᠯᠠᠭ᠎ᠠ   ᠠᠴᠠ ᠪᠠᠨ ᠪᠡᠶ᠎ᠡ ᠴᠢᠭᠢᠷᠠᠭᠵᠢᠭᠤᠯᠬᠤ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠣᠯᠭᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号