ᠲᠠᠶᠢᠹᠤᠰᠧ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠦᠰᠦᠪ ᠨᠢ ᠳᠥᠷᠪᠡᠨ | ᠬᠡᠰᠡᠭ ᠢᠶᠠᠷ ᠪᠦᠷᠢᠯᠳᠦᠵᠡᠢ᠂ ᠡᠭᠦᠨ ᠳᠤ ᠶᠡᠷᠦᠩᠬᠡᠢ ᠱᠠᠭᠠᠷᠳᠠᠯᠭ᠎ᠠ᠂ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ | ᠂ ᠪᠠᠳᠤᠯᠠᠭᠠᠨ ᠤ ᠠᠷᠭ᠎ᠠ ᠬᠡᠮᠵᠢᠶ᠎ᠡ ᠪᠠᠭᠲᠠᠨ᠎ᠠ᠃ | ᠨᠢᠭᠡ᠂ ᠶᠡᠷᠦᠩᠬᠡᠢ ᠱᠠᠭᠠᠷᠳᠠᠯᠭ᠎ᠠ᠄ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠪᠠ ᠠᠵᠤ ᠠᠬᠤᠢ ᠶᠢ ᠴᠢᠨᠠᠷ ᠰᠠᠶᠢᠲᠠᠢ ᠬᠦᠭᠵᠢᠬᠦᠯᠬᠦ ᠶᠢᠨ ᠱᠠᠭᠠᠷᠳᠠᠯᠭ᠎ᠠ ᠬᠡᠷᠡᠭᠴᠡᠭᠡ ᠲᠠᠢ ᠨᠢᠭᠲᠠ | ᠤᠶᠠᠯᠳᠤᠭᠤᠯᠤᠨ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠠᠬᠢᠭᠤᠯᠵᠤ᠂ | ᠬᠡᠯᠬᠢᠶᠡᠰᠦ ᠶᠢ ᠡᠬᠦᠳᠬᠦ᠂ ᠬᠡᠯᠬᠢᠶᠡᠰᠦ ᠶᠢ ᠤᠷᠲᠤᠳᠬᠠᠬᠤ᠂ ᠬᠡᠯᠬᠢᠶᠡᠰᠦ ᠶᠢ ᠨᠥᠬᠦᠪᠦᠷᠢᠯᠡᠬᠦ᠂ ᠬᠡᠯᠬᠢᠶᠡᠰᠦ ᠶᠢ | ᠴᠢᠩᠭᠠᠳᠬᠠᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠨ ᠲᠦᠷᠭᠡᠳᠭᠡᠵᠦ᠂ ᠠᠵᠤ ᠦᠢᠯᠡᠰ ᠤᠨ | ᠬᠡᠯᠬᠢᠶ᠎ᠡ ᠶᠢ ᠳᠤᠮᠳᠠ ᠳᠣᠣᠷᠠᠳᠤ ᠤᠷᠤᠰᠬᠠᠯ ᠳᠠᠰᠢ ᠤᠷᠲᠤᠳᠬᠠᠬᠤ᠂ ᠳᠤᠮᠳᠠ ᠳᠡᠭᠡᠳᠦ ᠲᠠᠰ ᠵᠦᠭ | ᠤᠷᠤᠭᠰᠢᠯᠠᠭᠤᠯᠬᠤ ᠶᠢ ᠠᠬᠢᠭᠤᠯᠤᠨ᠂ ᠳᠠᠪᠠᠭᠤᠯᠢᠭ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ | ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠬᠤᠷᠠᠮᠳᠤᠭᠤᠯᠤᠨ᠎ᠠ᠃ | ᠬᠤᠶᠠᠷ᠂ ᠭᠤᠣᠯ ᠬᠠᠷᠠᠯᠲᠠ᠄ | 190 ᠡᠷᠦᠬᠡ ᠠᠴᠠ ᠳᠡᠭᠡᠭᠰᠢ ᠠᠵᠤ ᠠᠬᠤᠶᠢᠯᠠᠯ ᠪᠠ ᠪᠠᠶᠢᠭᠤᠯᠤᠮᠵᠢ ᠲᠠᠢ ᠵᠤᠯᠭᠠᠭᠤᠯᠵᠤ᠂ 30 ᠠᠴᠠ | ᠳᠡᠭᠡᠭᠰᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠭᠡᠷ᠎ᠡ ᠲᠤᠭᠳᠠᠵᠤ ᠂ ᠲᠥᠷᠥᠯ ᠵᠦᠢᠯ | ᠲᠤᠭᠳᠠᠵᠤ ᠭᠠᠷᠳᠠᠮ ᠬᠦᠢᠴᠡᠳᠭᠡᠭᠰᠡᠨ ᠨᠣᠷᠮ᠎ᠠ ᠶᠢ 70% ᠠᠴᠠ ᠳᠡᠭᠡᠭᠰᠢ ᠪᠠᠶᠢᠯᠭᠠᠨ᠂ ᠲᠥᠷᠥᠯ ᠵᠦᠢᠯ ᠤᠨ | ᠠᠵᠢᠯ ᠡᠬᠢᠯᠡᠭᠰᠡᠨ ᠨᠣᠷᠮ᠎ᠠ ᠶᠢ 70% ᠠᠴᠠ ᠳᠡᠭᠡᠭᠰᠢ ᠪᠠᠶᠢᠯᠭᠠᠵᠤ᠂ ᠰᠢᠨ᠎ᠡ ᠪᠠᠷ ᠠᠵᠢᠯ ᠡᠬᠢᠯᠡᠭᠰᠡᠨ ᠲᠥᠷᠥᠯ | ᠵᠦᠢᠯ ᠤᠨ ᠠᠵᠢᠯ ᠲᠠᠭᠤᠰᠬᠠᠬᠤ ᠨᠣᠷᠮ᠎ᠠ ᠶᠢ 30% ᠠᠴᠠ ᠳᠡᠭᠡᠭᠰᠢ ᠪᠠᠶᠢᠯᠭᠠᠵᠤ᠂ ᠤᠯᠤᠰ ᠤᠨ | ᠳᠣᠲᠣᠭᠠᠳᠤ ᠶᠢᠨ ᠪᠡᠯᠡ ᠤᠷᠤᠭᠤᠯᠤᠯᠳᠠ ᠶᠢ 12 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠂ ᠠᠳᠠᠯᠢ | ᠬᠤᠭᠤᠴᠠᠭᠠᠨ ᠤ ᠬᠢ ᠠᠴᠠ 16% ᠠᠴᠠ ᠳᠡᠭᠡᠭᠰᠢ ᠨᠡᠮᠡᠭᠳᠡᠬᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ᠄ | ︵ᠨᠢᠭᠡ︶ ᠲᠣᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠨ᠂ ᠠᠵᠤ ᠦᠢᠯᠡᠰ ᠤᠨ ᠲᠥᠷᠥᠯ ᠵᠦᠢᠯ ᠢ | ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠨ᠎ᠠ ᠃ | 1. ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠠᠷᠠᠯᠵᠢᠶᠠᠴᠢᠨ ᠤᠷᠢᠨ᠎ᠠ᠃ ᠴᠢᠨᠠᠷ ᠰᠠᠶᠢᠲᠠᠢ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠦᠮᠦᠰᠦᠨ ᠤ ᠠᠵᠤ | ᠦᠢᠯᠡᠰ ᠤᠨ ᠬᠡᠯᠬᠢᠶ᠎ᠡ ᠳᠤ ᠲᠦᠰᠢᠭᠯᠡᠨ᠂ ᠴᠢᠨᠠᠷ ᠰᠠᠶᠢᠲᠠᠢ ᠦᠬᠡᠷ ᠬᠤᠨᠢ ᠭᠠᠭ᠋ᠠᠢ ᠲᠠᠬᠢᠶ᠎ᠠ ᠶᠢ ᠬᠡᠪᠴᠢᠶᠡᠵᠢᠭᠦᠯᠦᠨ | ᠮᠠᠯᠵᠢᠬᠤ᠂ ᠨᠠᠷᠢᠯᠢᠭ ᠡᠳ᠋ᠰᠢᠭᠦᠯᠬᠦ ᠪᠠ ᠲᠥᠮᠥᠰᠥ᠂ ᠨᠣᠬᠠᠢ ᠶᠢᠨ ᠬᠤᠰᠢᠭᠤ ᠵᠡᠷᠭᠡ ᠶᠢ ᠨᠠᠷᠢᠯᠢᠭ ᠡᠳ᠋ᠰᠢᠭᠦᠯᠬᠦ ᠠᠵᠤ | ᠦᠢᠯᠡᠰ ᠢ ᠪᠣᠶ ᠪᠣᠯᠭᠠᠨ᠎ᠠ᠃ ᠮᠠᠨ ᠤ ᠬᠤᠰᠢᠭᠤᠨ ᠤ ᠪᠠᠨ ᠪᠤᠬᠢᠷᠳᠤᠯ ᠦᠬᠡᠢ ᠴᠠᠬᠢᠯᠭᠠᠨ ᠡᠨᠧᠷᠬᠢ ᠶᠢᠨ | ᠳᠠᠪᠠᠭᠤᠯᠢᠭ ᠲᠤ ᠲᠦᠰᠢᠭᠯᠡᠨ᠂ ᠲᠡᠷᠢᠭᠦᠨ ᠤ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠥᠨᠳᠥᠷ ᠴᠢᠳᠠᠪᠬᠢᠲᠤ ᠰᠢᠯ | ᠰᠢᠷᠬᠡᠭ ᠵᠢᠴᠢ ᠴᠢᠳᠠᠮᠵᠢ ᠶᠡᠬᠡᠳᠡᠢ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠪᠠᠭᠠᠳᠠᠢ ᠠᠵᠤ ᠦᠢᠯᠡᠰ ᠪᠠ | ᠲᠥᠷᠥᠯ ᠵᠦᠢᠯ ᠢ ᠣᠷᠣᠭᠤᠯᠤᠨ ᠠᠪᠴᠢᠷᠠᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ ᠰᠢᠯᠢ ᠶᠢᠨ ᠭᠤᠣᠯ ᠤᠨ ᠠᠵᠤ ᠦᠢᠯᠡᠰ ᠤᠨ ᠰᠢᠯᠵᠢᠯᠲᠡ ᠶᠢ ᠳᠠᠭᠠᠭᠠᠨ | ᠠᠪᠴᠤ ᠨᠡᠭᠡᠭᠡᠨ ᠬᠥᠭᠵᠢᠭᠦᠯᠬᠦ ᠣᠷᠣᠨ ᠤ ᠶᠡᠷᠦᠩᠬᠡᠢ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠮᠠᠲ᠋ᠧᠷᠢᠶᠠᠯ᠂ ᠬᠥᠩᠭᠡᠨ ᠠᠵᠤ ᠦᠢᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠵᠡᠷᠭᠡ | ᠳᠡᠭᠡᠳᠦ ᠰᠢᠨ᠎ᠡ ᠮᠡᠷᠭᠡᠵᠢᠯ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠳᠡᠭᠡᠳᠦ | ᠲᠡᠰᠵᠢᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ | 2. ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠨ᠎ᠠ᠃ ︽ | ᠠᠵᠢᠯ ᠲᠥᠷᠥᠯ ᠢ ᠬᠠᠮᠢᠶᠠᠷᠴᠤ᠂ ᠠᠷᠠᠯᠵᠢᠶᠠᠴᠢᠨ ᠤᠷᠢᠬᠤ ᠶᠢ ᠠᠳᠬᠤᠬᠤ︾ ︽ᠲᠤᠬᠠᠶᠢᠯᠠᠭᠰᠠᠨ ᠠᠵᠢᠯ ᠢ | ᠬᠠᠮᠢᠶᠠᠷᠴᠤ᠂ ᠠᠷᠠᠯᠵᠢᠶᠠᠴᠢᠨ ᠤᠷᠢᠬᠤ ᠶᠢ ᠠᠬᠢᠭᠤᠯᠬᠤ︾ ᠠᠵᠢᠯ ᠤᠨ ᠣᠨᠣᠯᠵᠢᠬᠤᠨ ᠢ ᠪᠣᠶ ᠪᠣᠯᠭᠠᠵᠤ᠂ ᠰᠠᠯᠠᠭ᠎ᠠ | ᠮᠥᠴᠢᠷ ᠤᠳ ᠬᠠᠮᠲᠤᠷᠠᠨ ᠬᠥᠳᠡᠯᠦᠯᠴᠡᠬᠦ᠂ ᠠᠷᠠᠯᠵᠢᠶᠠᠴᠢᠨ ᠤᠷᠢᠬᠤ ᠶᠢ ᠬᠠᠮᠳᠤᠪᠠᠷ ᠠᠬᠢᠭᠤᠯᠬᠤ ᠠᠵᠢᠯ ᠤᠨ | ᠨᠡᠶᠢᠯᠡᠮᠡᠯ ᠬᠦᠴᠦᠨ ᠢ ᠪᠣᠶ ᠪᠤᠯᠭᠠᠨ᠎ᠠ᠃ ᠠᠵᠢᠯ ᠲᠥᠷᠥᠯ ᠤᠨ ᠬᠢᠨ ᠤ ᠠᠷᠠᠯᠵᠢᠶᠠᠴᠢᠨ ᠤᠷᠢᠬᠤ ᠲᠥᠷᠥ ᠶᠢᠨ | ᠪᠣᠳᠣᠯᠭ᠎ᠠ ᠶᠢ ᠰᠤᠳᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠡᠭᠦᠷᠭᠡ ᠴᠢᠳᠠᠮᠵᠢ | ᠪᠠ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃ | 3. ᠬᠦᠴᠦᠷᠭᠡᠭ ᠲᠤᠮᠤ ᠠᠷᠠᠯᠵᠢᠶᠠᠴᠢᠨ ᠤᠷᠢᠬᠤ ᠶᠢ ᠴᠢᠬᠤᠯᠠᠴᠢᠯᠠᠨ᠎ᠠ᠃ ︽500 ᠬᠦᠴᠦᠷᠬᠡᠭ︾ ᠠᠵᠤ | ᠠᠬᠤᠶᠢᠯᠠᠯ ᠤᠨ ᠳᠠᠭᠠᠭᠤᠯᠤᠭᠴᠢ ᠪᠠ ︽ᠲᠤᠰᠬᠠᠢ ᠨᠠᠷᠢᠯᠢᠭ ᠣᠨᠴᠠ ᠰᠢᠨ᠎ᠡ︾ ᠵᠡᠷᠭᠡ ᠠᠵᠤ ᠠᠬᠤᠶᠢᠯᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ ᠲᠤᠮᠤ᠂ ᠰᠢᠨ᠎ᠡ᠂ ᠬᠡᠯᠬᠢᠶᠡᠵᠢᠭᠰᠡᠨ︾ ᠠᠵᠤ ᠠᠬᠤᠶᠢᠯᠠᠯ ᠢ ᠤᠷᠢᠬᠤ | ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ | ᠥᠷᠭᠡᠳᠬᠡᠵᠦ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ ᠲᠤᠬᠢᠷᠠᠭᠰᠠᠨ ᠨᠢᠭᠡ ᠪᠦᠯᠦᠭ ᠲᠣᠮᠣ | ᠲᠥᠷᠥᠯ ᠵᠦᠢᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠨᠠᠷᠢᠯᠢᠭ ᠣᠨᠣᠴᠠᠲᠠᠢ ᠪᠠᠷ ᠵᠣᠯᠭᠠᠭᠤᠯᠤᠨ᠂ | ᠪᠦᠯᠦᠭᠯᠡᠨ ᠬᠥᠭᠵᠢᠬᠦ ᠳᠠᠪᠠᠭᠤᠯᠢᠭ ᠲᠠᠢ᠂ ᠠᠵᠤ ᠦᠢᠯᠡᠰ ᠤᠨ ᠬᠡᠯᠬᠢᠶ᠎ᠡ ᠣᠷᠳᠣ᠂ ᠠᠵᠤ ᠠᠬᠤᠢ ᠶᠢᠨ ᠦᠷ᠎ᠡ | ᠠᠰᠢᠭ ᠢᠶᠠᠷ ᠰᠠᠶᠢᠨ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠪᠥᠬᠦ ᠬᠦᠴᠦᠨ ᠢᠶᠠᠷ | ᠤᠷᠢᠵᠤ ᠤᠷᠤᠭᠤᠯᠤᠨ᠎ᠠ᠃ | 4. ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ︾ ᠶᠢ ᠳᠡᠮᠵᠢᠨ ᠵᠣᠷᠢᠭᠵᠢᠭᠤᠯᠤᠨ᠎ᠠ᠃ ᠤᠳᠤ ᠪᠠᠶᠢᠭ᠎ᠠ | ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠᠨ ᠶᠡᠬᠡᠰᠬᠡᠵᠦ ᠦᠢᠯᠡᠳᠪᠦᠷᠢᠯᠡᠯ ᠢᠶᠠᠨ ᠦᠷᠭᠡᠳᠭᠡᠬᠦ ᠶᠢ | ᠵᠣᠷᠢᠭᠵᠢᠭᠤᠯᠤᠨ ᠲᠡᠳᠬᠦᠵᠦ᠂ ᠳᠤᠮᠳᠠ ᠵᠢᠵᠢᠭ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠠ | ᠬᠥᠭᠵᠢᠯᠲᠡ ᠶᠢᠨ ᠬᠥᠳᠡᠯᠭᠡᠬᠦ ᠬᠦᠴᠦᠨ ᠢ ᠤᠯᠠᠮ ᠬᠦᠭᠵᠢᠭᠡᠨ᠂ ᠳᠤᠮᠳᠠ ᠵᠢᠵᠢᠭ ᠠᠵᠤ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠤᠨ᠎ᠠ᠃ | ︵ᠬᠤᠶᠠᠷ︶ ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 1. ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠦᠨ᠎ᠡ᠃ ᠠᠵᠢᠯ ᠲᠥᠷᠥᠯ ᠢ | ᠬᠠᠮᠢᠶᠠᠷᠬᠤ ᠳᠤ ᠠᠷᠠᠯᠵᠢᠶᠠᠴᠢᠨ ᠤᠷᠢᠬᠤ ᠶᠢ ᠬᠠᠮᠢᠶᠠᠷᠬᠤ ᠶᠢ ᠪᠠᠷᠢᠮᠲᠠᠯᠠᠵᠤ᠂ ︽ᠬᠡᠯᠬᠢᠶᠡᠨ ᠤ ᠳᠠᠷᠤᠭ᠎ᠠ︾ ᠶᠢᠨ | ᠳᠦᠷᠢᠮ ᠢ ᠪᠥᠬᠦ ᠲᠠᠯ᠎ᠠ ᠪᠠᠷ ᠭᠡᠷᠡᠭᠵᠢᠬᠦᠯᠦᠨ᠂ ᠮᠠᠨ ᠤ ᠬᠤᠰᠢᠭᠤᠨ ᠤ ᠬᠡᠲᠦ ᠬᠠᠲᠠᠭᠤ ᠮᠠᠲ᠋ᠧᠷᠢᠶᠠᠯ᠂ ᠰᠢᠨ᠎ᠡ | ᠬᠡᠯᠪᠡᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠰᠢᠭᠳᠠᠢ ᠪᠠᠷᠢᠯᠭ᠎ᠠ ᠶᠢᠨ ᠮᠠᠲ᠋ᠧᠷᠢᠶᠠᠯ ᠵᠡᠷᠭᠡ 8 ᠠᠵᠤ | ᠦᠢᠯᠡᠰ ᠤᠨ ᠬᠡᠯᠬᠢᠶᠡᠨ ᠤ ᠲᠣᠭᠤᠷᠢᠨ ᠳᠤ ᠠᠷᠠᠯᠵᠢᠶᠠᠴᠢᠨ ᠤᠷᠢᠵᠤ᠂ ᠪᠥᠬᠦ ᠬᠤᠰᠢᠭᠤᠨ ᠤ ᠠᠷᠠᠯᠵᠢᠶᠠᠴᠢᠨ | ᠤᠷᠢᠬᠤ ᠡᠬᠢ ᠪᠠᠶᠠᠯᠢᠭ ᠲᠠᠢ ᠰᠠᠯᠠᠭ᠎ᠠ ᠮᠥᠴᠢᠷ ᠢ ᠳᠠᠶᠢᠴᠢᠯᠠᠨ᠂ ᠠᠵᠤ ᠦᠢᠯᠡᠰ ᠤᠨ ᠬᠡᠯᠬᠢᠶ᠎ᠡ ᠪᠠ ᠬᠠᠷᠠᠯᠲᠠᠲᠤ ᠠᠵᠤ | ᠠᠬᠤᠶᠢᠯᠠᠯ ᠢ ᠡᠮᠬᠢᠯᠡᠨ ᠬᠤᠪᠢᠶᠠᠵᠤ᠂ ᠨᠠᠷᠢᠯᠢᠭ ᠤᠨᠤᠴᠠᠳᠠᠢ ᠪᠠᠷ ᠠᠷᠠᠯᠵᠢᠶᠠᠴᠢᠨ ᠤᠷᠢᠬᠤ ᠲᠥᠷᠥᠯ ᠵᠦᠢᠯ ᠤᠨ | ᠬᠥᠮᠥᠷᠭᠡ ᠪᠠ ᠬᠠᠨᠳᠤᠯᠭᠠᠲᠤ ᠴᠢᠨᠠᠷᠳᠠᠢ ᠠᠵᠤ ᠠᠬᠤᠶᠢᠯᠠᠯ ᠤᠨ ᠬᠥᠮᠥᠷᠭᠡ ᠶᠢ ᠪᠠᠶᠢᠭᠤᠯᠤᠨ᠂ ᠨᠠᠷᠢᠯᠢᠭ | ᠣᠨᠣᠴᠠᠲᠠᠢ ᠪᠠᠷ ᠠᠷᠠᠯᠵᠢᠶᠠᠴᠢᠨ ᠤᠷᠢᠵᠤ᠂ ᠦᠷᠬᠦᠯᠵᠢᠯᠡᠨ ᠬᠡᠯᠬᠢᠶ᠎ᠡ ᠪᠠᠨ ᠤᠷᠳᠤᠳᠬᠠᠬᠤ ᠭᠡᠯᠬᠢᠶ᠎ᠡ ᠪᠠᠨ | ᠨᠦᠬᠦᠪᠦᠷᠢᠯᠡᠵᠦ ᠬᠡᠯᠬᠢᠶ᠎ᠡ ᠪᠠᠨ ᠴᠢᠩᠭᠠᠳᠬᠠᠨ᠎ᠡ᠃ | 2. ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ ᠴᠢᠨᠠᠷ ᠰᠠᠶᠢᠲᠠᠢ ᠲᠦᠰᠦᠪᠯᠡᠨ ᠡᠷᠭᠢᠯᠡᠨ᠎ᠡ᠃ | ᠣᠷᠣᠨ᠂ ᠠᠶᠢᠮᠠᠭ ᠤᠨ ᠱᠠᠲᠤᠨ ᠤ ᠡᠷᠬᠢᠯᠡᠭᠰᠡᠨ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠳᠤ | ᠢᠳᠡᠪᠬᠢᠲᠡᠢ ᠤᠷᠤᠯᠴᠠᠵᠤ᠂ ᠪᠡᠭᠡᠵᠢᠩ ᠲᠢᠶᠠᠨᠵᠢᠨ ᠾᠧᠪᠧᠢ ᠱᠠᠨᠳᠦ᠋ᠩ ᠵᠡᠷᠭᠡ ᠭᠠᠵᠠᠷ ᠣᠷᠣᠨ ᠳᠠᠬᠢ | ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠢ 3 ᠠᠴᠠ ᠳᠡᠭᠡᠭᠰᠢ ᠤᠳᠠᠭ᠎ᠠ ᠡᠷᠬᠢᠯᠡᠨ᠂ ᠭᠠᠳᠠᠭᠰᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠡᠷᠴᠢᠮ ᠢᠶᠠᠨ | ᠴᠢᠩᠭᠠᠷᠠᠭᠤᠯᠵᠤ᠂ ᠥᠨᠳᠥᠷ ᠬᠢᠷᠢ ᠲᠦᠪᠰᠢᠨ ᠪᠦᠬᠦᠢ ᠪᠡᠯᠡ ᠣᠷᠣᠭᠤᠯᠤᠯᠲᠠ ᠪᠠ ᠠᠷᠠᠯᠵᠢᠶᠠᠨ ᠤ | ᠬᠠᠮᠲᠤᠷᠠᠯᠴᠠᠭ᠎ᠠ ᠶᠢ ᠥᠷᠨᠢᠭᠦᠯᠦᠨ᠎ᠡ᠃ | 3. ᠪᠠᠶᠢᠩᠭᠤ ᠶᠢᠨ ᠴᠢᠨᠠᠷᠳᠠᠢ ᠭᠠᠳᠠᠭᠰᠢ ᠭᠠᠷᠴᠤ ᠠᠷᠠᠯᠵᠢᠶᠠᠴᠢᠨ ᠤᠷᠢᠨ᠎ᠠ᠃ ᠡᠯ᠎ᠡ ᠲᠥᠷᠥᠯ ᠤᠨ | ᠠᠷᠠᠯᠵᠢᠶᠠᠴᠢᠨ ᠤᠷᠢᠬᠤ ᠡᠬᠢ ᠪᠠᠶᠠᠯᠢᠭ ᠪᠠ ᠲᠥᠷᠥᠯ ᠵᠦᠢᠯ ᠤᠨ ᠰᠦᠪᠡᠭᠴᠢ ᠶᠢ ᠢᠯᠡᠷᠡᠬᠦᠯᠵᠦ᠂ ᠳᠠᠭᠠᠭᠤᠯᠤᠭᠴᠢ | ᠠᠵᠤ ᠠᠬᠤᠶᠢᠯᠠᠯ᠂ ᠠᠷᠠᠯᠵᠢᠶᠠᠴᠢᠳ ᠤᠨ ᠨᠡᠶᠢᠭᠡᠮᠯᠢᠭ᠂ ᠨᠡᠶᠢᠭᠡᠮ ᠤᠨ ᠪᠠᠶᠢᠭᠤᠯᠤᠮᠵᠢ ᠵᠡᠷᠭᠡ ᠲᠠᠢ ᠵᠣᠯᠭᠠᠭᠤᠯᠤᠨ ᠂ | ᠪᠠᠶᠢᠩᠭᠤ ᠶᠢᠨ ᠴᠢᠨᠠᠷᠳᠠᠢ ᠬᠠᠷᠢᠯᠴᠠᠭᠠᠨ ᠤ ᠲᠣᠭᠲᠠᠴᠠ ᠶᠢ ᠪᠠᠶᠢᠭᠤᠯᠵᠤ᠂ ᠠᠷᠠᠯᠵᠢᠶᠠᠴᠢᠨ ᠤᠷᠢᠬᠤ ᠰᠦᠪᠡᠭᠴᠢ ᠶᠢ | ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠨ᠂ ᠪᠡᠯᠡ ᠤᠷᠤᠭᠤᠯᠬᠤ ᠰᠠᠨᠠᠭ᠎ᠠ ᠲᠠᠢ ᠠᠵᠤ ᠠᠬᠤᠶᠢᠯᠠᠯ ᠯᠤᠭ᠎ᠠ | ᠢᠳᠡᠪᠬᠢᠳᠡᠢ ᠬᠠᠷᠢᠴᠠᠵᠤ ᠵᠤᠯᠭᠠᠭᠤᠯᠤᠨ᠎ᠠ᠃ | 4. ︽ᠰᠠᠯᠪᠤᠷᠢ ᠠᠩᠭᠢ︾ ᠶᠢᠨ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠶᠢ ᠠᠬᠢᠭᠤᠯᠤᠨ᠎ᠠ᠃ ᠪᠥᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠴᠠᠩᠫᠢᠩ ᠲᠣᠭᠤᠷᠢᠭ ᠤᠨ ᠴᠢᠭ᠋ ᠲᠣᠭᠲᠠᠭᠠᠨ | ᠬᠠᠪᠰᠤᠷᠤᠨ ᠲᠡᠳᠬᠦᠬᠦ ᠠᠵᠢᠯ ᠵᠢᠴᠢ ᠬᠤᠰᠢᠭᠤᠨ ᠤ ᠬᠠᠷᠢᠶᠠᠨ ᠳᠠᠬᠢ ᠠᠷᠠᠯᠵᠢᠶᠠᠴᠢᠳ ᠤᠨ ᠡᠪᠯᠡᠯ ᠤᠨ ᠡᠬᠢ | ᠪᠠᠶᠠᠯᠢᠭ ᠲᠤ ᠲᠦᠰᠢᠭᠯᠡᠨ᠂ ᠭᠠᠳᠠᠭᠰᠢ ᠭᠠᠷᠴᠤ ᠠᠷᠠᠯᠵᠢᠶᠠᠴᠢᠨ ᠤᠷᠢᠬᠤ ︽ᠰᠠᠯᠪᠤᠷᠢ ᠪᠠᠭ᠎ᠠ ᠠᠩᠭᠢ︾ ᠶᠢ ᠵᠣᠬᠢᠶᠠᠨ | ᠪᠠᠶᠢᠭᠤᠯᠵᠤ᠂ ︽ᠡᠭᠦᠳᠡ ᠲᠣᠭᠰᠢᠵᠤ︾ ᠬᠡᠯᠪᠡᠷᠢ ᠪᠠᠷ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ᠂ | ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠭᠤᠷᠪᠠ︶ ᠠᠷᠠᠯᠵᠢᠶᠠᠴᠢᠨ ᠤᠷᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠰᠢᠯᠢᠳᠡᠭ ᠰᠠᠶᠢᠨ ᠣᠷᠴᠢᠨ ᠨᠦᠬᠦᠴᠡᠯ ᠢ ᠪᠣᠶ ᠪᠣᠯᠭᠠᠨ᠎ᠠ᠃ | 1. ᠤᠳᠤᠷᠢᠳᠬᠤ ᠺᠠᠳ᠋ᠷ ᠲᠦᠷᠦᠭᠦᠯᠡᠨ ᠠᠷᠠᠯᠵᠢᠶᠠᠴᠢᠨ ᠤᠷᠢᠨ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠵᠤ᠂ ︽ᠳᠥᠷᠪᠡᠨ ᠶᠡᠭᠡ ᠤᠳᠤᠷᠢᠳᠬᠤ ᠪᠠᠭ︾ | ᠤᠨ ᠭᠤᠣᠯ ᠤᠳᠤᠷᠢᠳᠤᠯᠭ᠎ᠠ ᠠᠩᠭᠢ ᠳᠠᠭᠠᠭᠤᠯᠤᠨ ᠭᠠᠳᠠᠭᠰᠢ ᠭᠠᠷᠴᠤ ᠠᠷᠠᠯᠵᠢᠶᠠᠴᠢᠨ ᠤᠷᠢᠬᠤ ᠠᠵᠢᠯᠯᠠᠭ᠎ᠠ ᠶᠢ | ᠤᠯᠠᠷᠢᠯ ᠳᠤ ᠠᠳᠠᠭ ᠲᠠᠭᠠᠨ ᠨᠢᠭᠡ ᠤᠳᠠᠭ᠎ᠠ ᠦᠷᠨᠢᠬᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠨᠠᠷ ᠠᠩᠭᠢ ᠳᠠᠭᠠᠭᠤᠯᠬᠤ ᠪᠤᠶᠤ ᠠᠷᠠᠯᠵᠢᠶᠠᠴᠢᠨ ᠤᠷᠢᠬᠤ ᠠᠵᠢᠯᠯᠠᠭ᠎ᠠ ᠳᠤ ᠣᠷᠣᠯᠴᠠᠬᠤ ᠠᠵᠢᠯᠯᠠᠭ᠎ᠠ ᠶᠢ ᠤᠯᠠᠷᠢᠯ | ᠳᠤ ᠠᠳᠠᠭ ᠲᠠᠭᠠᠨ ᠨᠢᠭᠡ ᠤᠳᠠᠭ᠎ᠠ ᠦᠷᠨᠢᠬᠦᠯᠦᠨ᠎ᠡ᠃ | 2. ᠠᠷᠠᠯᠵᠢᠶᠠᠴᠢᠨ ᠤᠷᠢᠬᠤ ᠡᠩᠨᠡᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠠᠷᠠᠯᠵᠢᠶᠠᠴᠢᠨ ᠤᠷᠢᠬᠤ | ᠰᠠᠯᠠᠭ᠎ᠠ ᠮᠥᠴᠢᠷ ᠤᠨ ᠡᠭᠦᠷᠭᠡ ᠴᠢᠳᠠᠮᠵᠢ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠶᠡᠷᠦᠩᠬᠡᠶᠢᠯᠡᠨ ᠵᠣᠬᠢᠴᠠᠭᠤᠯᠬᠤ᠂ ᠲᠥᠷᠥᠯ ᠵᠦᠢᠯ ᠢ ᠠᠬᠢᠭᠤᠯᠬᠤ᠂ ᠮᠡᠳᠡᠭᠡ ᠵᠠᠩᠭᠢ ᠨᠡᠪᠲᠡᠷᠡᠯᠴᠡᠬᠦ | ᠵᠡᠷᠭᠡ ᠠᠵᠢᠯ ᠢ ᠪᠠᠶᠢᠩᠭᠤ ᠶᠢᠨ ᠴᠢᠨᠠᠷᠳᠠᠢ ᠥᠷᠨᠢᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠨᠢᠭᠡᠴᠡ ᠶᠢᠨ ᠭᠤᠣᠯ ᠤᠳᠤᠷᠢᠳᠤᠯᠭ᠎ᠠ ᠨᠢ ᠠᠷᠠᠯᠵᠢᠶᠠᠴᠢᠨ | ᠤᠷᠢᠬᠤ ᠠᠵᠢᠯ ᠢ ᠠᠳᠬᠤᠵᠤ᠂ ᠲᠣᠰ ᠠᠵᠤ ᠦᠢᠯᠡᠰ ᠤᠨ ᠬᠡᠯᠬᠢᠶ᠎ᠡ᠂ ᠲᠣᠰ ᠴᠠᠷᠠᠭ᠎ᠠ ᠬᠦᠷᠢᠶᠡᠨ ᠳᠠᠬᠢ | ᠠᠷᠠᠯᠵᠢᠶᠠᠴᠢᠨ ᠤᠷᠢᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠨ᠎ᠡ᠃ | 3. ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠠᠭᠤᠷᠢ ᠶᠢ ᠪᠠᠬᠢᠵᠢᠭᠦᠯᠦᠨ᠎ᠡ᠃ ᠤᠯᠤᠰ᠂ ᠣᠷᠣᠨ᠂ | ᠠᠶᠢᠮᠠᠭ ᠤᠨ ᠱᠠᠲᠤᠨ ᠤ ᠠᠷᠠᠯᠵᠢᠶᠠᠴᠢᠨ ᠤᠷᠢᠬᠤ ᠲᠥᠷᠥ ᠶᠢᠨ ᠪᠣᠳᠣᠯᠭ᠎ᠠ ᠶᠣᠰᠣᠭᠠᠷ᠂ ᠬᠤᠰᠢᠭᠤ ᠱᠠᠲᠤᠨ ᠤ | ᠲᠡᠳᠬᠦᠨ ᠳᠡᠮᠵᠢᠬᠦ ᠠᠷᠭ᠎ᠠ ᠬᠡᠮᠵᠢᠶ᠎ᠡ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ | ᠰᠢᠨᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠦᠷᠢᠨ ᠲᠡᠭᠦᠯᠳᠡᠷ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠪᠠᠶᠢᠭᠤᠯᠤᠨ᠎ᠠ᠃ ᠪᠥᠬᠦ ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠶᠣᠰᠣᠭᠠᠷ᠂ | ᠠᠷᠠᠯᠵᠢᠶᠠᠴᠢᠨ ᠤᠷᠢᠬᠤ ᠲᠥᠷᠥᠯ ᠵᠦᠢᠯ ᠤᠨ ᠨᠥᠭᠡᠴᠡ ᠶᠢ ᠲᠠᠰᠤᠷᠠᠯᠲᠠ ᠦᠭᠡᠢ ᠰᠢᠨᠡᠳᠬᠡᠵᠦ᠂ ᠲᠠᠶᠢᠹᠤᠰᠧ | ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠨᠠᠷ ᠰᠠᠶᠢᠲᠠᠢ ᠲᠥᠷᠥᠯ ᠵᠦᠢᠯ 20 ᠠᠴᠠ ᠳᠡᠭᠡᠭᠰᠢ | ᠪᠠᠶᠢᠬᠤ ᠶᠢ ᠪᠠᠳᠤᠯᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠹᠢᠯᠢᠮ ᠢ ᠦᠢᠯᠡᠳᠴᠦ᠂ | ᠲᠠᠶᠢᠹᠤᠰᠧ ᠬᠤᠰᠢᠭᠤᠨ ᠤ ᠪᠡᠯᠡ ᠣᠷᠣᠭᠤᠯᠤᠯᠲᠠ ᠶᠢᠨ ᠵᠢᠯᠤᠭᠤᠳᠤᠮᠵᠢ ᠶᠢ ᠨᠠᠷᠢᠨ ᠨᠢᠮᠪᠠᠢ ᠨᠠᠶᠢᠷᠠᠭᠤᠯᠤᠨ᠂ ᠨᠠᠷᠢᠯᠢᠭ | ᠣᠨᠣᠴᠠᠲᠠᠢ ᠪᠠᠷ ᠠᠷᠠᠯᠵᠢᠶᠠᠴᠢᠨ ᠤᠷᠢᠬᠤ ᠳᠤ ᠰᠠᠶᠢᠨ ᠰᠠᠭᠤᠷᠢ ᠶᠢ ᠲᠠᠯᠪᠢᠨ᠎ᠠ᠃ | 4. ᠠᠷᠠᠯᠵᠢᠶᠠᠴᠢᠨ ᠤᠷᠢᠬᠤ ᠦᠢᠯᠡᠴᠢᠯᠡᠭᠡᠨ ᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠷ ᠰᠠᠶᠢᠲᠠᠢ ᠠᠬᠢᠭᠤᠯᠵᠤ᠂ ᠳᠥᠭᠦᠮ ᠳᠥᠲᠡ ᠥᠨᠳᠥᠷ | ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ᠂ ᠡᠷᠬᠡ ᠲᠡᠭᠰᠢ ᠪᠠᠷ ᠥᠷᠢᠰᠦᠯᠳᠦᠬᠦ | ᠵᠠᠬ᠎ᠠ ᠳᠡᠯᠭᠡᠭᠦᠷ ᠤᠨ ᠣᠷᠴᠢᠨ ᠨᠦᠬᠦᠴᠡᠯ᠂ ︽ᠵᠠᠰᠠᠭ ᠤᠨ ᠤᠷᠳᠤᠨ ᠠᠵᠤ ᠠᠬᠤᠶᠢᠯᠠᠯ ᠨᠢᠬᠳᠠ ᠬᠠᠮᠵᠢᠯᠴᠠᠬᠤ︾ | ᠣᠷᠴᠢᠨ ᠨᠦᠬᠦᠴᠡᠯ ᠢ ᠪᠣᠶ ᠪᠣᠯᠭᠠᠨ᠎ᠠ᠃ | 5. ᠤᠷᠤᠨ ᠲᠣᠭᠤᠷᠢᠭ ᠤᠨ ᠲᠠᠭᠠᠭᠠᠴᠠ ᠶᠢ ᠨᠡᠮᠡᠭᠳᠡᠬᠦᠯᠦᠨ᠎ᠡ᠃ ᠤᠷᠤᠨ ᠲᠣᠭᠤᠷᠢᠭ ᠤᠨ ︽ᠳᠣᠯᠤᠭ᠎ᠠ ᠶᠢ | ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠭᠤᠷᠢ ᠲᠦᠬᠦᠭᠡᠷᠦᠮᠵᠢ | ᠶᠢᠨ ᠪᠠᠶᠢᠭᠤᠯᠤᠯᠲᠠ ᠶᠢ ᠬᠦᠴᠦᠯᠡᠨ ᠲᠡᠳᠬᠦᠵᠦ᠂ ᠭᠠᠵᠠᠷ ᠰᠢᠷᠣᠢ ᠨᠥᠭᠡᠴᠡᠯᠡᠬᠦ ᠡᠷᠴᠢᠮ ᠢ ᠴᠢᠩᠭᠠᠷᠠᠭᠤᠯᠤᠨ᠂ ᠠᠵᠤ | ᠦᠢᠯᠡᠰ ᠤᠨ ᠳᠠᠭᠠᠭᠠᠬᠤ ᠴᠢᠳᠠᠪᠤᠷᠢ ᠶᠢ ᠪᠥᠬᠦ ᠲᠠᠯ᠎ᠠ ᠪᠠᠷ ᠲᠡᠭᠡᠭᠰᠢᠯᠡᠬᠦᠯᠦᠨ᠎ᠡ᠃ ︽ᠪᠠᠷᠢᠮᠵᠢᠶᠠᠲᠤ ᠭᠠᠵᠠᠷ︾ ᠪᠠ ︽ | ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠵᠦ ᠪᠦᠲᠦᠭᠡᠨ ᠪᠠᠶᠢᠭᠤᠯᠤᠯᠳᠠ ᠶᠠᠪᠤᠭᠳᠠᠬᠤ ᠳᠤ ᠰᠠᠭᠤᠷᠢ ᠶᠢ | ᠰᠠᠶᠢᠲᠤᠷ ᠲᠠᠯᠪᠢᠨ᠎ᠠ᠃ | ᠳᠥᠷᠪᠡ᠂ ᠪᠠᠳᠤᠯᠠᠭᠠᠨ ᠤ ᠠᠷᠭ᠎ᠠ ᠬᠡᠮᠵᠢᠶ᠎ᠡ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠭᠤᠣᠯᠳᠠᠯᠭ᠎ᠠ ᠲᠠᠢ ᠬᠠᠷᠠᠯᠲᠠ ᠡᠭᠦᠷᠭᠡ ᠶᠢ ᠰᠤᠳᠤᠯᠤᠨ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠤᠨ ᠳᠤᠮᠳᠠᠬᠢ ᠲᠣᠪᠣᠶᠢᠮ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ᠂ ᠪᠥᠬᠦ | ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ | ᠭᠡᠷᠡᠭᠳᠡᠢ᠃ | 2. ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠲᠣᠪᠴᠢᠶ᠎ᠠ ᠨᠢ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ | ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ᠂ ᠴᠢᠬᠤᠯᠠ ᠶᠡᠭᠡ ᠠᠷᠠᠯᠵᠢᠶᠠᠴᠢᠨ ᠤᠷᠢᠬᠤ | ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠭᠤᠣᠯᠳᠠᠯᠭ᠎ᠠ ᠲᠠᠢ ᠲᠥᠷᠥᠯ ᠵᠦᠢᠯ ᠢ ᠲᠠᠨᠢᠯᠴᠠᠭᠤᠯᠬᠤ ᠪᠠ ᠰᠢᠨᠵᠢᠯᠡᠨ | ᠪᠠᠶᠢᠴᠠᠭᠠᠵᠤ ᠵᠦᠪᠳᠡᠯᠴᠡᠭᠡᠷ ᠬᠢᠬᠦ ᠵᠡᠷᠭᠡ ᠠᠵᠢᠯ ᠤᠨ ᠵᠠᠷᠤᠳᠠᠯ ᠢ ᠬᠦᠢᠴᠡᠳ ᠪᠠᠳᠤᠯᠠᠬᠤ ᠭᠡᠷᠡᠭᠳᠡᠢ᠃ | 3. ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠢᠨ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ᠂ ᠰᠤᠳᠤᠯᠭ᠎ᠠ ᠪᠠ ᠡᠭᠦᠳᠦᠯᠲᠡ ᠶᠢ ᠴᠢᠩᠭᠠᠳᠬᠠᠵᠤ᠂ ᠤᠯᠤᠰ᠂ | ᠣᠷᠣᠨ᠂ ᠠᠶᠢᠮᠠᠭ᠂ ᠬᠤᠰᠢᠭᠤᠨ ᠤ ᠬᠡᠷᠡᠭᠵᠢᠭᠦᠯᠵᠦ ᠪᠠᠶᠢᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ | ᠶᠢᠨ ᠪᠤᠳᠤᠯᠭ᠎ᠠ ᠪᠠ ᠠᠵᠤ ᠦᠢᠯᠡᠰ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠪᠠ ᠠᠮᠠᠯᠠᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠬᠡᠯᠡᠭᠰᠡᠨ ᠢᠶᠠᠨ ᠵᠠᠪᠠᠯ ᠪᠡᠶᠡᠯᠡᠭᠦᠯᠵᠦ᠂ ᠲᠣᠭᠲᠠᠭᠰᠠᠨ ᠢᠶᠠᠨ ᠵᠠᠪᠠᠯ ᠬᠦᠢᠴᠡᠳᠭᠡᠬᠦ ᠬᠡᠷᠡᠭᠲᠡᠢ᠃ | | | ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 4 ᠰᠠᠷ᠎ᠠ ᠶᠢᠨ 27 ᠤ ᠡᠳᠦᠷ |