ᠵᠤᠤ ᠹᠧᠢ ᠫᠧᠩ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/5/1
  4 ᠰᠠᠷ᠎ᠠ ᠶᠢᠨ 28 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠤ ᠹᠧᠢ ᠫᠧᠩ ᠲᠠᠶᠢᠹᠤᠰᠧ ᠬᠤᠰᠢᠭᠤᠨ ᠤ ᠬᠡᠰᠡᠭ ᠠᠵᠤ ᠠᠬᠤᠶᠢᠯᠠᠯ᠂ ᠨᠡᠭᠦᠷᠡᠰᠦᠨ ᠤ ᠪᠤᠰᠤ ᠠᠭᠤᠷᠬᠠᠢ᠂ ᠪᠠᠶᠢᠭᠤᠯᠵᠤ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠨ᠂ ᠬᠤᠰᠢᠭᠤ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠭᠠᠯ ᠰᠡᠷᠭᠡᠶᠢᠯᠡᠯᠳᠡ ᠵᠡᠷᠭᠡ ᠭᠤᠣᠯᠳᠠᠯᠭ᠎ᠠ ᠲᠠᠢ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ  ᠰᠤᠳᠤᠯᠵᠠᠢ᠃ ᠶᠢᠨ ᠶᠦᠩ ᠾᠧ᠂ ᠵᠤᠤ ᠬᠠᠢ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠵᠤᠤ ᠹᠧᠢ ᠫᠧᠩ ᠡᠳᠡᠭᠡᠷ ᠭᠠᠵᠠᠷ ᠤᠳ ᠤᠨ ᠠᠶᠤᠯᠬᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ᠂ ᠭᠠᠯ ᠤᠨᠲᠠᠷᠠᠭᠠᠬᠤ  ᠪᠠᠭᠠᠵᠢ ᠲᠥᠬᠦᠭᠡᠷᠦᠮᠵᠢ  ᠂ ᠠᠵᠢᠯᠲᠠᠨ ᠤ ᠲᠤᠬᠢᠷᠠᠭᠤᠯᠤᠯᠳᠠ᠂ ᠬᠠᠮᠢᠶᠠᠷᠤᠯᠲᠠ ᠶᠢᠨ ᠳᠦᠷᠢᠮ ᠵᠡᠷᠭᠡ ᠶᠢ ᠨᠠᠷᠢᠨ ᠬᠢᠨᠠᠮᠠᠭᠠᠢ ᠤᠶᠢᠯᠠᠭᠠᠨ ᠪᠠᠶᠢᠴᠠᠭᠠᠵᠤ ᠠᠰᠠᠭᠤᠨ ᠯᠠᠪᠯᠠᠭᠰᠠᠨ ᠤ ᠲᠠᠷᠠᠭ᠎ᠠ᠂  ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠦᠭᠵᠢᠯᠳᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂  ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠳᠤᠳᠬᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠣᠰᠣᠭᠠᠷ ᠠᠵᠢᠯᠯᠠᠬᠤ ᠶᠠᠪᠤᠴᠠ ᠶᠢ   ᠲᠦᠷᠢᠮᠵᠢᠬᠦᠯᠦᠨ᠂  ᠠᠮᠤᠷ ᠲᠦᠪᠰᠢᠨ ᠤ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠬᠥᠮᠥᠨ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ ᠂  ᠦᠴᠦᠭᠡᠨ ᠠᠯᠳᠠᠰᠢ  ᠴᠤ ᠦᠯᠦ ᠭᠠᠷᠭᠠᠬᠤ ᠶᠢ ᠪᠠᠲᠤᠯᠠᠬᠤ ᠬᠡᠷᠡᠭᠲᠡᠢ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠪᠠᠶᠢᠴᠠᠭᠠᠯᠲᠠ ᠶᠢ  ᠴᠢᠩᠭᠠᠳᠬᠠᠨ᠂  ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ ᠬᠠᠮᠢᠶᠠᠷᠤᠨ ᠡᠵᠡᠮᠳᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠡᠳᠦᠷ ᠲᠤᠲᠤᠮ ᠤᠨ ᠳᠠᠯᠳᠠ ᠬᠡᠮ ᠢ ᠪᠠᠶᠢᠴᠠᠭᠠᠨ ᠠᠷᠢᠯᠭᠠᠬᠤ ᠠᠵᠢᠯ ᠢ ᠰᠠᠶᠢᠲᠤᠷ ᠠᠳᠬᠤᠨ᠂  ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂  ᠤᠷᠤᠨ ᠲᠣᠭᠤᠷᠢᠭ ᠤᠨ ᠬᠠᠮᠢᠶᠠᠷᠤᠯᠳᠠ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号