ᠴᠧᠨ ᠶᠠᠨ ᠪᠦᠦ ᠱᠠᠨᠳᠦ᠋ᠩ ᠤᠨ ᠠᠵᠤ ᠠᠬᠤᠶᠢᠯᠠᠯᠳᠠᠨ ᠲᠠᠢ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/5/10
  5 ᠰᠠᠷ᠎ᠠ ᠶᠢᠨ 9 ᠤ ᠡᠳᠦᠷ᠂  ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠳᠠᠷᠤᠭ᠎ᠠ ᠴᠧᠨ ᠶᠠᠨ ᠪᠦᠦ ᠱᠠᠨᠳᠦ᠋ᠩ ᠤᠨ ᠪᠸᠢ ᠷᠦᠢ ᠰᠧ ᠤᠰᠤ ᠰᠡᠷᠭᠡᠶᠢᠯᠡᠬᠦ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ  ᠳ᠋ᠦ᠋ ᡁᠢ ᠴᠢᠤᠸᠠᠨ ᠵᠡᠷᠭᠡ ᠬᠦᠮᠦᠰ ᠲᠠᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠦ ᠴᠢᠩ ᠱᠠᠨ᠂ ᠮᠠ ᠵᠦᠩ  ᠰᠢᠶᠦ᠋ᠨ  ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠴᠧᠨ ᠶᠠᠨ ᠪᠦᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠠᠶᠢᠹᠤᠰᠧ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠵᠤ᠂ ᠰᠣᠯᠢᠯᠴᠠᠭ᠎ᠠ ᠬᠢᠵᠦ᠂ ᠪᠡᠯᠡ ᠤᠷᠤᠭᠤᠯᠵᠤ᠂ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠭᠰᠡᠨ ᠪᠦᠭᠡᠳ ᠠᠵᠤ ᠠᠬᠤᠶᠢᠯᠠᠯ ᠤᠨ ᠬᠢᠨ ᠲᠠᠶᠢᠹᠤᠰᠧ ᠬᠤᠰᠢᠭᠤᠨ ᠤ ᠳᠠᠪᠠᠭᠤᠯᠢᠭ ᠡᠬᠢ ᠪᠠᠶᠠᠯᠢᠭ ᠢ ᠭᠦᠨᠵᠡᠭᠡᠢ ᠣᠶᠢᠯᠠᠭᠠᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠦᠷᠭᠡᠳᠭᠡᠨ᠂  ᠭᠠᠷ ᠬᠤᠯᠪᠣᠯᠴᠠᠨ ᠬᠠᠮᠲᠤᠪᠠᠷ ᠤᠷᠤᠭᠰᠢᠯᠠᠵᠤ᠂   ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠶᠢ ᠬᠦᠰᠡᠵᠦ ᠪᠠᠶᠢᠨ᠎ᠠ ᠬᠡᠵᠡᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠲᠠᠶᠢᠹᠤᠰᠧ ᠬᠤᠰᠢᠭᠤᠨ ᠤ ᠬᠢᠨ ᠠᠵᠤ ᠠᠬᠤᠶᠢᠯᠠᠯ ᠤᠨ ᠰᠢᠨᠵᠢᠯᠡᠨ ᠪᠠᠶᠢᠴᠠᠭᠠᠬᠤ ᠠᠵᠢᠯ ᠳᠤ ᠬᠦᠴᠦᠳᠡᠢ ᠳᠡᠮᠵᠢᠯᠭᠡ  ᠦᠵᠡᠬᠦᠯᠦᠭᠰᠡᠨ ᠳᠤ ᠲᠠᠯᠠᠷᠬᠠᠵᠤ ᠪᠠᠶᠢᠨ᠎ᠠ᠂ ᠲᠠᠶᠢᠹᠤᠰᠧ ᠬᠤᠰᠢᠭᠤᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠭ᠎ᠠ᠂ ᠲᠠᠷᠠᠭᠠᠴᠢ ᠶᠢᠨ ᠠᠯᠬᠤᠮ ᠳᠤ ᠪᠠᠶᠢᠴᠠᠭᠠᠨ ᠰᠤᠳᠤᠯᠤᠯᠲᠠ ᠶᠢ ᠤᠯᠠᠮ ᠬᠦᠨᠵᠡᠬᠡᠢ ᠬᠢᠵᠦ᠂ ᠲᠥᠷᠥᠯ ᠵᠦᠢᠯ ᠤᠨ ᠬᠠᠮᠳᠤᠷᠠᠯᠴᠠᠭ᠎ᠠ  ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠎ᠠ ᠬᠡᠵᠦ ᠢᠯᠡᠷᠭᠡᠶᠢᠯᠡᠪᠡ᠃ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号