ᠲᠠᠶᠢᠹᠤᠰᠧ ᠬᠤᠰᠢᠭᠤᠨ ᠤ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠵᠢᠭᠠᠨ ᠰᠤᠷᠭᠠᠯᠲᠠ ᠶᠢᠨ ᠴᠡᠭ ᠤᠨ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2023/5/10
 5 ᠰᠠᠷ᠎ᠠ ᠶᠢᠨ 7 ᠤ ᠡᠳᠦᠷ᠂ ᠲᠠᠶᠢᠹᠤᠰᠧ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ  ᠲᠠᠬᠢ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠵᠢᠭᠠᠨ ᠰᠤᠷᠭᠠᠯᠲᠠ ᠶᠢᠨ ᠴᠡᠭ ᠨᠢ ᠰᠤᠷᠤᠯᠭ᠎ᠠ ᠡᠬᠢᠯᠡᠵᠡᠢ᠃  ᠡᠨᠡᠬᠦ ᠵᠢᠭᠠᠨ ᠰᠤᠷᠭᠠᠯᠲᠠ ᠶᠢᠨ ᠴᠡᠭ ᠪᠣᠯ 2022 ᠣᠨ ᠤ ᠨᠠᠮᠤᠷ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢᠶᠠᠷ ᠪᠠᠶᠢᠭᠤᠯᠤᠭᠳᠠᠭᠰᠠᠨ ᠪᠥᠬᠦ ᠣᠷᠣᠨ ᠤ ᠲᠦᠷᠦᠬᠦᠦ ᠪᠦᠯᠦᠭ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠵᠢᠭᠠᠨ ᠰᠤᠷᠭᠠᠯᠳᠠ ᠶᠢᠨ ᠴᠡᠭ ᠪᠤᠯᠤᠨ᠎ᠠ  ᠃  ᠪᠠᠶᠢᠭᠤᠯᠤᠭᠰᠠᠨ ᠤ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ᠂ ᠪᠥᠬᠦ ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠳᠠᠭ ᠰᠤᠷᠤᠯᠴᠠᠬᠤ ᠬᠡᠯᠪᠡᠷᠢ ᠶᠢᠨ ᠨᠡᠶᠢᠭᠡᠮ᠂ ᠰᠤᠷᠤᠯᠴᠠᠬᠤ ᠬᠡᠯᠪᠡᠷᠢ ᠶᠢᠨ ᠲᠣᠮᠣ ᠤᠯᠤᠰ ᠢ ᠪᠠᠶᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠪᠥᠬᠦ ᠬᠤᠰᠢᠭᠤᠨ ᠤ ᠨᠠᠰᠤᠲᠠᠶᠢᠴᠤᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠳᠤᠷ᠎ᠠ ᠰᠣᠨᠢᠷᠬᠠᠯ ᠤᠨ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠬᠦ ᠶᠢᠨ ᠲᠥᠯᠥᠭᠡ ᠶᠤᠮ᠃ ᠵᠢᠭᠠᠨ ᠰᠤᠷᠭᠠᠯᠲᠠ ᠶᠢᠨ ᠴᠡᠭ ᠲᠤ ᠲᠠᠭᠤᠤ᠂ ᠪᠥᠵᠢᠭ᠂  ᠬᠦᠭᠵᠢᠮ᠂ ᠤᠷᠠᠨ ᠪᠢᠴᠢᠯᠭᠡ᠂ ᠤᠷᠠᠨ ᠤᠩᠰᠢᠯᠭ᠎ᠠ  ᠵᠡᠷᠭᠡ ᠲᠠᠪᠤᠨ ᠲᠥᠷᠥᠯ ᠤᠨ ᠲᠤᠰᠬᠠᠢ ᠮᠡᠷᠭᠡᠵᠢᠯ ᠤᠨ ᠬᠢᠴᠢᠶᠡᠯ ᠲᠤᠬᠢᠷᠠᠭᠤᠯᠵᠠᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠨᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ  ᠂ ᠲᠠᠯᠠᠪᠤᠷ᠂ ᠲᠥᠬᠦᠭᠡᠷᠦᠮᠵᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠨᠡᠭᠡᠭᠡᠯᠲᠡᠲᠤ ᠶᠡᠭᠡ ᠰᠤᠷᠭᠠᠭᠤᠯᠢ ᠲᠠᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠤᠨ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢ  ᠲᠦᠷᠭᠡᠳᠭᠡᠵᠦ᠂ ᠬᠠᠮᠢᠶ᠎ᠠ ᠪᠦᠬᠦᠢ ᠠᠵᠢᠯ ᠢ ᠢᠳᠡᠪᠬᠢᠲᠡᠢ ᠦᠷᠨᠢᠬᠦᠯᠵᠦ ᠡᠬᠢᠯᠡᠭᠰᠡᠨ ᠪᠠᠶᠢᠨ᠎ᠠ᠃  ᠲᠤᠰ ᠲᠦᠪ ᠤᠨ ᠬᠢᠨ ᠲᠤᠷᠰᠢᠯᠭ᠎ᠠ ᠪᠠᠷ ᠪᠠᠶᠠᠯᠢᠭ ᠲᠤᠰᠬᠠᠢ ᠮᠡᠷᠭᠡᠵᠢᠯ  ᠤᠨ ᠪᠠᠭᠰᠢ ᠨᠠᠷ ᠢ ᠤᠷᠢᠵᠤ  ᠬᠢᠴᠢᠶᠡᠯ ᠤᠷᠤᠭᠤᠯᠬᠤ ᠶᠢᠨ ᠬᠠᠮᠳᠤ᠂ ᠲᠤᠰᠬᠠᠢ ᠮᠡᠷᠭᠡᠵᠢᠯ ᠤᠨ ᠬᠠᠤᠯᠢᠴᠢ ᠶᠢ ᠤᠷᠢᠵᠤ᠂ ︽ᠢᠷᠭᠡᠨ ᠤ ᠬᠠᠤᠯᠢ ᠶᠢᠨ ᠪᠢᠴᠢᠭ︾ ᠤᠨ ᠠᠭᠤᠯᠭ᠎ᠠ ᠳᠤ ᠲᠠᠶᠢᠯᠤᠮᠵᠢ ᠬᠢᠯᠭᠡᠨ᠂  ᠰᠠᠭᠤᠭᠠᠯᠢ ᠠᠷᠠᠳ ᠤᠨ ᠬᠠᠤᠯᠢ ᠲᠦᠷᠢᠮ ᠤᠨ ᠬᠡᠪ ᠪᠣᠯᠪᠠᠰᠤᠷᠠᠯ ᠢ ᠲᠡᠭᠡᠭᠰᠢᠯᠡᠬᠦᠯᠵᠦ᠂  ᠴᠡᠴᠡᠭ ᠰᠠᠭᠤᠯᠭᠠᠬᠤ  ᠂  ᠭᠠᠷ  ᠨᠡᠬᠡᠮᠡᠯ᠂  ᠪᠡᠶ᠎ᠡ ᠴᠢᠬᠢᠷᠠᠭᠵᠢᠭᠤᠯᠬᠤ ᠪᠥᠵᠢᠭ ᠤᠨ ᠬᠢᠴᠢᠶᠡᠯ ᠢ ᠨᠡᠭᠡᠭᠡᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠶᠤᠯ ᠣᠶᠤᠨ ᠤ ᠠᠮᠢᠳᠤᠷᠠᠯ ᠢ  ᠪᠠᠶᠠᠯᠢᠬᠵᠢᠭᠤᠯᠵᠠᠢ᠃ ᠭᠡᠷ ᠤᠨ ᠡᠭᠦᠳᠡᠨ ᠳᠤᠨᠢ  ᠰᠦᠢᠳᠬᠡᠯ ᠬᠤᠷᠢᠶᠠᠬᠤ ᠦᠭᠡᠢ ᠶᠡᠭᠡ ᠰᠤᠷᠭᠠᠭᠤᠯᠢ  ᠪᠠᠶᠢᠭᠤᠯᠤᠭᠳᠠᠭᠰᠠᠨ ᠢᠶᠠᠷ  ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠨᠡᠷ᠎ᠡ ᠮᠡᠳᠡᠭᠦᠯᠬᠦ ᠢᠳᠡᠪᠬᠢᠵᠢᠯ ᠲᠡᠭᠡᠭᠰᠢᠯᠡᠵᠦ᠂ 930 ᠬᠦᠮᠦᠨ ᠬᠢᠴᠢᠶᠡᠯ ᠪᠤᠯᠪᠠᠰᠤᠷᠠᠯ ᠳᠤ ᠤᠷᠤᠯᠴᠠᠵᠤ ᠦᠩᠭᠡᠷᠡᠭᠰᠡᠨ ᠪᠦᠭᠡᠳ ᠡᠨᠡ ᠵᠢᠯ ᠪᠠᠰᠠ 90 ᠬᠦᠮᠦᠨ ᠨᠡᠷ᠎ᠡ ᠮᠡᠳᠡᠬᠦᠯᠦᠭᠡᠳ ᠪᠤᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号