ᠬᠡᠰᠢᠭᠲᠦ ᠪᠤᠤᠴᠠᠩ ᠪᠠᠯᠭᠠᠰᠤᠨ ᠳᠤ ᠬᠦᠨᠵᠡᠬᠡᠶᠢᠷᠡᠵᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠵᠢᠭᠠᠨ ᠵᠢᠯᠤᠭᠤᠳᠤᠭᠰᠠᠨ
ᠨᠡᠶᠢᠲᠡᠯᠡᠭᠰᠡᠨ ᠴᠠᠭ᠄
2023/5/10
5 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠡᠰᠢᠭᠲᠦ ᠪᠤᠤᠴᠠᠩ  ᠪᠠᠯᠭᠠᠰᠤᠨ ᠤ ᠬᠤᠸᠠᠩ ᠲᠦ᠋ ᠺᠧᠩ ᠲᠣᠰᠬᠤᠨ᠂ ᠴᠧᠩ ᠪᠧᠢ ᠲᠣᠰᠬᠤᠨ  ᠂ ᠳ᠋ᠠ ᠱᠠᠨ ᠭᠧᠦ ᠲᠣᠰᠬᠤᠨ ᠳᠤ  ᠬᠦᠨᠵᠡᠬᠡᠶᠢᠷᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠣᠯᠣᠨ ᠪᠣᠯᠪᠠᠰᠤᠨ ᠪᠦᠯᠬᠦᠮᠳᠡᠯᠳᠦ ᠴᠢᠯᠦᠭᠡᠳᠦ ᠳᠡᠯᠭᠡᠭᠦᠷ ᠤᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠵᠦ᠂  ᠪᠤᠤᠴᠠᠩ ᠪᠠᠯᠭᠠᠰᠤᠨ ᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭᠠᠨ ᠤ ᠪᠠᠶᠢᠳᠠᠯ᠂  ᠰᠠᠭᠤᠷᠢᠨ ᠭᠠᠵᠠᠷ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ  ᠬᠢᠭᠡᠳ ᠵᠠᠩ ᠳᠠᠳᠬᠠᠯ ᠤᠨ ᠦᠬᠡᠷᠡᠴᠢᠯᠡᠯᠳᠡ ᠵᠡᠷᠭᠡ ᠠᠭᠤᠯᠭ᠎ᠠ ᠶᠢᠨ ᠲᠤᠬᠠᠢ ᠪᠠᠶᠢᠴᠠᠭᠠᠨ  ᠰᠤᠳᠤᠯᠵᠤ ᠵᠢᠭᠠᠨ  ᠵᠢᠯᠤᠭᠤᠳᠴᠠᠢ᠃ ᠪᠤᠤᠴᠠᠩ  ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠢᠦ ᠬᠤᠸᠠᠨ ᠴᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠬᠡᠰᠢᠭᠲᠦ ᠪᠤᠤᠴᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠢᠴᠡᠳ ᠨᠤᠳᠠᠯᠠᠭᠰᠠᠨ ᠤ ᠬᠠᠮᠲᠤ᠂ ᠪᠣᠯᠪᠠᠰᠤᠨ ᠤ ᠦᠢᠯᠡᠳᠦᠯᠭᠡ ᠶᠢᠨ ᠰᠠᠭᠤᠷᠢᠨ  ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ  ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠰᠢᠨ᠎ᠡ ᠰᠡᠳᠬᠢᠴᠡ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠦᠵᠡᠯ ᠰᠠᠨᠠᠭ᠎ᠠ᠂ ᠰᠢᠨ᠎ᠡ ᠤᠨᠤᠯ ᠤᠨ  ᠤᠬᠠᠭᠤᠯᠭ᠎ᠠ ᠲᠠᠶᠢᠯᠤᠮᠵᠢ ᠶᠢ ᠰᠠᠶᠢᠲᠤᠷ ᠥᠷᠨᠢᠭᠦᠯᠬᠦ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠪᠠᠶᠢᠭᠠᠳ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠭᠤᠯᠭ᠎ᠠ ᠶᠢ ᠲᠠᠰᠤᠷᠠᠯᠳᠠ ᠦᠭᠡᠢ ᠨᠡᠮᠡᠭᠳᠡᠬᠦᠯᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠴᠠᠯᠢᠭ ᠢ ᠲᠤᠪᠤᠶᠢᠯᠭᠠᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠡᠬᠦᠳᠦᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ  ᠳᠡᠭᠡᠭᠰᠢᠯᠡᠭᠦᠯᠵᠦ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾  ᠢ ᠦᠨᠡᠨᠬᠦ ᠨᠡᠪᠲᠡᠷᠡᠭᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号