ᠲᠤᠭᠤᠷᠢᠨ ᠪᠠᠶᠢᠴᠠᠭᠠᠬᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2023/5/10
  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ  ᠦᠨᠳᠦᠰᠦᠯᠡᠵᠦ᠂  ᠬᠤᠰᠢᠭᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 4 ᠰᠠᠷ᠎ᠠ ᠶᠢᠨ 27 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠨᠢ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ  ᠶᠢ ︽ᠲᠤᠰᠬᠠᠢ  ᠪᠠᠶᠢᠴᠠᠭᠠᠯᠳᠠ + ᠡᠩ ᠤᠨ  ᠪᠠᠶᠢᠴᠠᠭᠠᠯᠳᠠ︾  ᠶᠢᠨ ᠬᠡᠯᠪᠡᠷᠢ ᠪᠠᠷ ᠲᠤᠭᠤᠷᠢᠨ ᠪᠠᠶᠢᠴᠠᠭᠠᠵᠤ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠳᠤ ᠲᠤᠰᠬᠠᠢ ᠪᠠᠶᠢᠴᠠᠭᠠᠯᠲᠠ ᠬᠢᠬᠦ ᠪᠠᠷ ᠪᠤᠯᠵᠤ᠂ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂  ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ  ᠶᠢ ︽ᠲᠤᠰᠬᠠᠢ ᠪᠠᠶᠢᠴᠠᠭᠠᠯᠳᠠ + ᠡᠩ ᠤᠨ ᠪᠠᠶᠢᠴᠠᠭᠠᠯᠳᠠ︾ ᠶᠢᠨ ᠬᠡᠯᠪᠡᠷᠢ ᠪᠠᠷ ᠲᠤᠭᠤᠷᠢᠨ ᠪᠠᠶᠢᠴᠠᠭᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠲᠤᠰᠬᠠᠢ ᠪᠠᠶᠢᠴᠠᠭᠠᠯᠲᠠ ᠬᠢᠬᠦ ᠶᠢᠨ ᠬᠠᠮᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠣᠭᠤᠷᠢᠨ ᠳᠤ ᠴᠢᠶᠠᠨ ᠶᠢᠨ ᠭᠧᠦ ᠪᠠᠯᠭᠠᠰᠤᠨ ᠤ ᠳ᠋ᠠ ᠭᠧ ᠳ᠋ᠦᠩ ᠲᠣᠰᠬᠤᠨ᠂ ᠶᠦᠩ ᠹᠧᠩ ᠪᠠᠯᠭᠠᠰᠤᠨ ᠤ ᠱᠠᠩ ᠫᠢ ᠹᠠᠩ ᠲᠣᠰᠬᠤᠨ᠂ ᠬᠤᠩ ᠴᠢ ᠪᠠᠯᠭᠠᠰᠤᠨ ᠤ ᠬᠤᠩ ᠸᠧᠢ ᠲᠣᠰᠬᠤᠨ᠂ ᠰᠢᠩ ᠹᠦ᠋ ᠰᠢᠶᠠᠩ ᠤᠨ ᠴᠥᠩ ᠭᠤᠸᠠᠩ ᠲᠣᠰᠬᠤᠨ ᠢ ᠲᠣᠭᠤᠷᠢᠨ ᠪᠠᠶᠢᠴᠠᠭᠠᠬᠤ ᠪᠠᠷ ᠲᠤᠭᠳᠠᠵᠠᠢ᠃    ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠢ ᠪᠠᠶᠢᠴᠠᠭᠠᠯᠲᠠ ᠨᠢ ᠶᠡᠷᠦᠩᠬᠡᠢ ᠱᠦᠵᠢ  ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠵᠢᠴᠢ ︽ ᠲᠠᠪᠤ ᠶᠢ ᠲᠤᠶᠢᠯᠪᠤᠷᠢᠳᠠᠢ ᠪᠠᠶᠢᠴᠠᠭᠠᠬᠤ︾  ᠠᠵᠢᠯᠯᠠᠭᠠᠨ ᠤ ᠲᠤᠭᠤᠷᠢᠨ ᠳᠤ ᠬᠢᠨᠠᠯᠲᠠ ᠲᠠᠯᠪᠢᠵᠤ᠂   ᠡᠩ ᠤᠨ ᠪᠠᠶᠢᠴᠠᠭᠠᠯᠲᠠ  ᠨᠢ ᠨᠠᠮ ᠤᠨ ᠲᠥᠪ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ  ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠵᠢᠯ ᠤᠨ ᠲᠣᠭᠤᠷᠢᠨ ᠳᠤ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠡᠳᠡᠭᠡᠷ ᠪᠠᠶᠢᠭᠤᠯᠭ᠎ᠠ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ  ᠪᠠ  ᠭᠡᠰᠢᠬᠦᠳ᠂  ᠲᠤᠤᠷᠠᠳᠤ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠪᠠ ᠴᠢᠬᠤᠯᠠ ᠤᠳᠤᠷᠢᠳᠬᠤ ᠺᠠᠳ᠋ᠷ ᠤᠨ ᠠᠰᠠᠭᠤᠳᠠᠯ ᠢ  ᠢᠯᠡᠴᠢᠯᠡᠨ ᠲᠤᠰᠬᠠᠭᠰᠠᠨ  ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠃  ᠭᠤᠤᠯᠳᠠᠭᠤ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠤᠨ ᠲᠤᠬᠠᠢ ᠮᠡᠳᠡᠭᠦᠯᠦᠯᠲᠡ ᠪᠠ ᠲᠤᠰᠬᠠᠯ ᠢ ᠬᠦᠯᠢᠶᠡᠨ ᠠᠪᠤᠨ᠎ᠠ᠃  ᠪᠠᠶᠢᠴᠠᠭᠠᠨ ᠰᠢᠢᠳᠪᠦᠷᠢᠯᠡᠬᠦ  ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠳᠤ ᠲᠤᠰᠢᠶᠠᠵᠤ ᠰᠢᠢᠳᠪᠦᠷᠢᠯᠡᠭᠦᠯᠦᠨ᠎ᠡ᠃      ᠬᠦᠯᠢᠶᠡᠨ ᠠᠪᠬᠤ ᠠᠷᠭ᠎ᠠ ᠬᠡᠯᠪᠡᠷᠢ᠄     ᠨᠢᠭᠡᠳᠦᠭᠡᠷ ᠳᠤᠭᠤᠶᠢᠯᠠᠩ᠂ ᠬᠤᠶᠠᠳᠤᠭᠠᠷ ᠳᠤᠭᠤᠶᠢᠯᠠᠩ ᠤᠨ ᠬᠦᠯᠢᠶᠡᠨ ᠠᠪᠬᠤ ᠭᠠᠵᠠᠷ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠣᠷᠪᠤᠯᠵᠢᠯᠠᠭ᠎ᠠ ᠬᠦᠯᠢᠶᠡᠨ ᠠᠪᠬᠤ ᠭᠡᠷ᠃       ᠭᠥᠯᠢᠶᠡᠨ ᠠᠪᠬᠤ ᠴᠠᠭ᠄ 2023 ᠣᠨ ᠤ 4 ᠰᠠᠷ᠎ᠠ ᠶᠢᠨ 27 ᠤ ᠡᠳᠦᠷ ᠠᠴᠠ 6 ᠰᠠᠷ᠎ᠠ ᠶᠢᠨ 26 ᠤ ᠡᠳᠦᠷ ︵ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 2᠄ 30 ︱ 5᠄ 00︶ ᠂  ᠠᠵᠢᠯᠯᠠᠬᠤ ᠡᠳᠦᠷ ᠲᠤ ᠯᠠ ᠭᠥᠯᠢᠶᠡᠨ ᠠᠪᠤᠨ᠎ᠠ᠃        ᠨᠢᠭᠡᠳᠦᠭᠡᠷ ᠳᠤᠭᠤᠶᠢᠯᠠᠩ   ᠤᠨ ᠢᠮᠧᠯ᠄  tqdyxcz@163.com᠂   ᠤᠲᠠᠰᠤ  ᠄ 15947096880        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠨᠢᠭᠡᠳᠦᠭᠡᠷ ᠲᠤᠭᠤᠷᠢᠨ ᠪᠠᠶᠢᠴᠠᠭᠠᠬᠤ ᠳᠤᠭᠤᠶᠢᠯᠠᠩ ᠂ ᠰᠢᠤᠳᠠᠨ ᠳ᠋ᠤᠭᠠᠷ᠄ 027000        ᠬᠤᠶᠠᠳᠤᠭᠠᠷ ᠳᠤᠭᠤᠶᠢᠯᠠᠩ   ᠤᠨ ᠢᠮᠧᠯ᠄ tqdexcz@163.com᠂ ᠤᠲᠠᠰᠤ  ᠄ 15148646040        ᠰᠢᠤᠳᠠᠨ ᠬᠠᠶ᠋ᠢᠭ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠠᠪᠬᠤᠷᠯᠢᠭ ᠲᠠᠬᠢ ᠬᠤᠶᠠᠳᠤᠭᠠᠷ ᠲᠤᠭᠤᠷᠢᠨ  ᠪᠠᠶᠢᠴᠠᠭᠠᠬᠤ ᠳᠤᠭᠤᠶᠢᠯᠠᠩ᠂  ᠰᠢᠤᠳᠠᠨ ᠳ᠋ᠤᠭᠠᠷ᠄ 027000       ᠵᠠᠬᠢᠳᠠᠯ ᠤᠨ ᠬᠠᠶᠢᠷᠴᠠᠭ ᠢ  ᠨᠠᠮ ᠵᠠᠰᠠᠭ ᠤᠨ ᠠᠯᠪᠠᠨ ᠠᠰᠠᠷ ᠤᠨ ᠡᠬᠦᠳᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠡᠬᠦᠳᠡ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ  ᠨᠤᠳᠤᠭ ᠪᠡᠯᠴᠢᠭᠡᠷ ᠤᠨ ᠲᠣᠪᠴᠢᠶ᠎ᠠ᠂  ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠪᠴᠢᠶᠠᠨ ᠤ ᠠᠯᠪᠠᠨ ᠠᠰᠠᠷ ᠤᠨ ᠡᠬᠦᠳᠡᠨ ᠳᠤ ᠪᠠᠶᠢᠷᠢᠯᠠᠭᠤᠯᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号