ᠴᠢᠶᠠᠨ ᠶᠢᠨ ᠭᠧᠦ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/10
  5 ᠰᠠᠷ᠎ᠠ ᠶᠢᠨ 8  ᠤ ᠡᠳᠦᠷ᠂ ᠴᠢᠶᠠᠨ ᠶᠢᠨ ᠭᠧᠦ ᠪᠠᠯᠭᠠᠰᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠨ᠂  ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠣᠰᠬᠤᠨ ᠤ ᠨᠠᠮ ᠤᠨ ᠡᠭᠦᠷ ᠤᠨ ᠱᠦᠵᠢ ᠨᠠᠷ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ ᠭᠧᠩ ᠶᠦᠨ ᠠᠴᠠ ︽ᠴᠢᠶᠠᠨ ᠶᠢᠨ ᠭᠧᠦ ᠪᠠᠯᠭᠠᠰᠤᠨ ᠤ 2023 ᠣᠨ ᠤ ᠨᠠᠮ ᠤᠨ ᠰᠤᠷᠲᠠᠯ  ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠪ︾ ᠢ ᠤᠯᠠᠮᠵᠢᠯᠠᠨ ᠰᠤᠷᠤᠯᠴᠠᠭᠰᠠᠨ ᠪᠥᠭᠡᠳ ᠡᠯ᠎ᠡ ᠲᠣᠰᠬᠤᠨ ᠤ ᠣᠷᠴᠢᠨ ᠲᠤᠭᠤᠷᠢᠨ ᠢ ᠴᠡᠭᠴᠡᠯᠡᠨ ᠵᠠᠰᠠᠬᠤ᠂ ᠭᠤᠷᠪᠠᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ  ᠤᠨ ᠪᠠᠶᠢᠳᠠᠯ ᠢ ᠨᠡᠶᠢᠳᠡᠯᠡᠨ ᠮᠡᠳᠡᠭᠳᠡᠵᠦ᠂ ᠨᠠᠮ ᠤᠨ ᠬᠤᠷᠢᠶᠠᠨ ᠤ ᠱᠦᠵᠢ ᠵᠠᠩ ᠹᠧᠩ ᠦ᠋ ᠠᠴᠠ ᠡᠨᠡ ᠵᠢᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠲᠣᠳᠣᠷᠬᠠᠢ ᠱᠠᠭᠠᠷᠳᠠᠯᠭ᠎ᠠ ᠲᠤᠷᠠᠳᠴᠠᠢ᠃ ᠬᠤᠷᠠᠯ ᠠᠴᠠ᠂ ᠨᠢᠭᠡ ᠳᠤ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠯᠭᠠᠰᠤ᠂ ᠲᠣᠰᠬᠤᠨ ᠤ ᠺᠠᠳ᠋ᠷᠴᠤᠳ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠳᠦᠷᠢᠮ ᠲᠣᠭᠲᠠᠭᠠᠯ ᠨᠠᠮ ᠤᠨ ᠰᠠᠬᠢᠯᠭ᠎ᠠ ᠪᠠᠳᠤ ᠵᠡᠷᠭᠡ ᠲᠠᠯ᠎ᠠ ᠶᠢᠨ ᠮᠡᠳᠡᠯᠭᠡ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂  ᠴᠠᠭ ᠢᠮᠠᠭᠲᠠ ᠥᠪᠡᠷ  ᠤᠨ ᠪᠡᠶ᠎ᠡ ᠪᠠᠨ ᠰᠡᠷᠡᠮᠵᠢᠯᠡᠭᠦᠯᠵᠤ᠂ ᠠᠷᠢᠭᠤᠨ ᠴᠢᠬᠡᠴᠢ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠠᠷᠢᠭᠤᠨ ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯ ᠬᠢᠬᠦ ᠬᠡᠷᠡᠭᠲᠡᠢ᠃ ᠬᠤᠶᠠᠷ ᠲᠤ ᠬᠢᠨᠠᠯᠲᠠ ᠪᠠᠶᠢᠴᠠᠭᠠᠯᠳᠠ ᠶᠢᠨ ᠠᠵᠢᠯ   ᠢ ᠦᠷᠭᠦᠯᠵᠢᠯᠡᠨ ᠴᠢᠩᠭᠠᠳᠬᠠᠵᠤ᠂ ᠲᠥᠪ ᠪᠤᠰᠤ ᠰᠤᠷᠲᠠᠯ   ᠢ ᠡᠷᠡᠰ  ᠵᠠᠯᠠᠷᠠᠭᠤᠯᠬᠤ ᠬᠡᠷᠡᠭᠲᠡᠢ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠰᠠᠶᠢᠳᠤᠷ ᠠᠩᠬᠠᠷᠴᠤ᠂ ᠪᠦᠬᠦ ᠶᠠᠪᠤᠴᠠ ᠶᠢᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂  ᠡᠵᠡᠷᠭᠡᠭᠯᠡᠨ ᠠᠪᠴᠤ ᠨᠡᠭᠦᠯᠭᠡᠨ ᠬᠡᠷᠡᠭᠯᠡᠬᠦ᠂  ᠲᠠᠰᠤᠳᠠᠨ ᠦᠯᠡᠳᠡᠭᠡᠵᠦ ᠠᠮᠢ  ᠪᠠᠨ ᠪᠤᠷᠳᠤᠬᠤ᠂  ᠢᠳᠡᠵᠦ ᠤᠤᠭᠤᠵᠤ ᠬᠢᠬᠠᠵᠤ ᠭᠠᠴᠢᠬᠤ᠂  ᠨᠠᠶᠢᠷ ᠲᠠᠯ᠎ᠠ ᠬᠠᠷᠠᠵᠤ ᠨᠠᠶᠢᠵᠠ ᠲᠦᠷᠦᠯ ᠢᠶᠠᠨ ᠬᠠᠷᠠᠭᠠᠯᠵᠠᠬᠤ ᠵᠡᠷᠭᠡ ᠠᠰᠠᠭᠤᠳᠠᠯ ᠢ ᠢᠯᠡᠷᠡᠭᠦᠯᠪᠡᠯ ᠡᠷᠡᠰ ᠴᠢᠩᠭ᠎ᠠ ᠵᠠᠯᠬᠠᠭᠠᠨ ᠰᠢᠳᠭᠡᠵᠦ᠂  ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠤᠯᠠᠨ ᠲᠦᠮᠡᠨ ᠤ  ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ᠃ ᠭᠤᠷᠪᠠ ᠳᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢ ᠴᠢᠩᠭᠠᠳᠬᠠᠬᠤ ᠬᠡᠷᠡᠭᠲᠡᠢ᠃  ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂  ᠴᠢᠩᠭ᠎ᠠ ᠱᠠᠭᠠᠷᠳᠠᠯᠭ᠎ᠠ ᠬᠠᠳᠠᠭᠤ ᠰᠠᠬᠢᠯᠭ᠎ᠠ ᠪᠠᠷ ᠨᠠᠮ ᠤᠨ ᠰᠤᠷᠲᠠᠯ ᠴᠢᠬᠡᠴᠢ ᠵᠠᠰᠠᠭ   ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃  
 
ᠢᠷᠡᠯᠲᠡ᠄ ᠴᠢᠶᠠᠨ ᠶᠢᠨ ᠭᠸᠦ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号