ᠮᠢᠬᠠᠨ ᠤ ᠦᠬᠡᠷ ᠤᠨ ᠡᠭᠦᠯᠳᠡᠷ ᠰᠠᠶᠢᠵᠢᠷᠠᠯᠳᠠ ᠶᠢᠨ ᠠᠬᠢᠴᠠ ᠶᠢ ᠲᠦᠷᠭᠡᠳᠬᠡᠵᠦ᠂ ᠮᠠᠯ ᠰᠦᠷᠦᠭ ᠤᠨ | ᠪᠦᠲᠦᠴᠡ ᠶᠢ ᠰᠢᠯᠢᠳᠡᠭᠵᠢᠭᠦᠯᠬᠦ ᠶᠢᠨ ᠲᠥᠯᠥᠭᠡ᠂ 5 ᠰᠠᠷ᠎ᠠ ᠶᠢᠨ 8 ᠤ ᠡᠳᠦᠷ ᠬᠦᠨᠪᠤᠯᠠᠭ ᠰᠤᠮᠤ ᠮᠢᠬᠠᠨ ᠤ | ᠦᠬᠡᠷ ᠤᠨ ᠡᠭᠦᠯᠳᠡᠷ ᠰᠠᠶᠢᠵᠢᠷᠠᠭᠤᠯᠤᠯᠳᠠ ᠶᠢ ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠪᠠᠶᠢᠷᠢᠯᠠᠭᠤᠯᠤᠯᠳᠠ | ᠶᠢᠨ ᠬᠤᠷᠠᠯ ᠬᠢᠵᠦ᠂ ᠳᠡᠳ᠋ ᠰᠤᠮᠤᠨ ᠤ ᠳᠠᠷᠤᠭ᠎ᠠ ᠪᠠᠶᠠᠷ ᠬᠤᠷᠠᠯ ᠢ ᠡᠷᠬᠢᠯᠡᠨ᠂ ᠡᠯ᠎ᠡ ᠭᠠᠴᠠᠭᠠᠨ ᠤ ᠨᠢᠭᠡᠳᠦᠭᠡᠷ | ᠱᠦᠵᠢ᠂ ᠠᠵᠢᠯᠯᠠᠬᠤ ᠠᠩᠭᠢ ᠶᠢᠨ ᠳᠠᠷᠤᠭ᠎ᠠ᠂ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ | ᠳᠡᠭᠡᠷ᠎ᠡ᠂ ᠪᠠᠶᠠᠷ ᠠᠴᠠ ︽2023 ᠣᠨ ᠤ ᠲᠠᠶᠢᠹᠤᠰᠧ ᠬᠤᠰᠢᠭᠤᠨ ᠤ ᠮᠢᠬᠠᠨ ᠤ ᠦᠬᠡᠷ ᠤᠨ ᠡᠬᠦᠯᠳᠡᠷ | ᠰᠠᠶᠢᠵᠢᠷᠠᠭᠤᠯᠤᠯᠳᠠ ᠶᠢ ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠬᠡᠷᠡᠭᠵᠢᠭᠦᠯᠬᠦ ᠲᠦᠰᠦᠪ︾ ᠢ | ᠤᠯᠠᠮᠵᠢᠯᠠᠭᠰᠠᠨ ᠪᠥᠭᠡᠳ ᠪᠦᠬᠦ ᠰᠤᠮᠤᠨ ᠤ ᠮᠢᠬᠠᠨ ᠤ ᠦᠬᠡᠷ ᠤᠨ ᠡᠭᠦᠯᠳᠡᠷ ᠰᠠᠶᠢᠵᠢᠷᠠᠯᠳᠠ ᠶᠢᠨ ᠦᠨᠳᠦᠰᠦᠨ | ᠪᠠᠶᠢᠳᠠᠯ ᠵᠢᠴᠢ ᠠᠵᠢᠯ ᠤᠨ ᠱᠠᠭᠠᠷᠳᠠᠯᠭ᠎ᠠ ᠶᠢ ᠨᠠᠷᠢᠨ ᠲᠠᠨᠢᠯᠴᠠᠭᠤᠯᠪᠠ᠃ ᠬᠤᠷᠠᠯ ᠠᠴᠠ᠂ ᠡᠯ᠎ᠡ ᠭᠠᠴᠠᠭ᠎ᠠ ᠨᠢ | ᠲᠤᠰᠬᠠᠢ ᠲᠦᠷᠦᠯ ᠢᠶᠠᠷ ᠠᠬᠢᠭᠤᠯᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ᠦᠵᠡᠯ | ᠰᠠᠨᠠᠭ᠎ᠠ ᠪᠠᠨ ᠨᠢᠭᠡᠳᠭᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠮᠢᠬᠠᠨ ᠤ ᠦᠬᠡᠷ ᠤᠨ ᠠᠵᠤ ᠦᠢᠯᠡᠰ ᠤᠨ | ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠡᠭᠦᠯᠳᠡᠷ | ᠰᠠᠶᠢᠵᠢᠷᠠᠭᠤᠯᠬᠤ᠂ ᠠᠷᠠᠴᠢᠯᠠᠨ ᠪᠣᠷᠳᠣᠬᠤ᠂ ᠰᠦ ᠶᠢᠨ ᠢᠷᠡᠯᠳᠡ ᠶᠢ ᠨᠡᠮᠡᠭᠳᠡᠬᠦᠯᠬᠦ᠂ ᠡᠪᠡᠰᠦ ᠪᠣᠷᠳᠤᠭ᠎ᠠ ᠲᠠᠷᠢᠬᠤ | ᠵᠡᠷᠭᠡ ᠡᠯ᠎ᠡ ᠭᠤᠭᠴᠤᠭ᠎ᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠮᠢᠬᠠᠨ ᠤ ᠦᠬᠡᠷ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ᠃ ᠵᠢᠱᠢᠶ᠎ᠡ ᠦᠵᠡᠭᠦᠯᠬᠦ ᠡᠷᠦᠬᠡ ᠶᠢ | ᠢᠳᠡᠪᠬᠢᠲᠡᠢ ᠪᠠᠷ ᠪᠣᠶᠢᠵᠢᠭᠤᠯᠤᠨ᠂ ᠤᠬᠠᠭᠤᠯᠭ᠎ᠠ ᠵᠢᠯᠤᠭᠤᠳᠤᠯᠭ᠎ᠠ ᠶᠢᠨ ᠠᠵᠢᠯ ᠢ ᠰᠠᠶᠢᠨ ᠬᠢᠵᠦ ᠪᠠᠶᠢᠭᠠᠳ᠂ | ᠮᠠᠯᠴᠢᠳ ᠢ ᠲᠠᠶᠢᠴᠢᠯᠠᠨ ᠰᠠᠶᠢᠨ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ | ᠢᠳᠡᠪᠬᠢᠲᠡᠢ ᠣᠷᠣᠯᠴᠠᠭᠤᠯᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃ |