ᠲᠠᠶᠢᠹᠤᠰᠧ ᠬᠤᠰᠢᠭᠤ  ᠠᠳᠤᠭᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠶᠠᠷᠢᠯᠴᠠᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/5/15
  ᠠᠳᠤᠭᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ︽ᠬᠠᠭᠠᠨ ᠤ ᠠᠳᠤᠭᠤᠨ ᠰᠣᠶᠣᠯ ︾ ᠤᠨ ᠭᠤᠣᠯ ᠰᠡᠳᠦᠪ ᠢ ᠨᠡᠩ ᠰᠠᠶᠢᠨ ᠤᠯᠠᠮᠵᠢᠯᠠᠨ ᠪᠠᠳᠠᠷᠠᠭᠤᠯᠵᠤ᠂ ᠠᠳᠤᠭᠤᠨ  ᠰᠣᠶᠣᠯ ᠤᠨ ᠠᠵᠤ ᠦᠢᠯᠡᠰ ᠤᠨ ᠴᠢᠨᠠᠷ ᠢ ᠳᠡᠭᠡᠭᠰᠢᠯᠡᠭᠦᠯᠵᠦ ᠲᠡᠰ ᠢ ᠲᠡᠪᠰᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠨᠡᠮᠡᠷᠢᠯᠡᠬᠦ ᠶᠢᠨ ᠲᠤᠰᠠᠳᠠ᠂ 5 ᠰᠠᠷ᠎ᠠ ᠶᠢᠨ 10  ᠤ ᠡᠳᠦᠷ ᠲᠠᠶᠢᠹᠤᠰᠧ ᠬᠤᠰᠢᠭᠤᠨ ᠤ ᠬᠢᠨ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ᠂ ᠣᠣᠮᠧᠨ ᠤ ᠮᠣᠷᠢᠨ ᠤᠷᠤᠯᠳᠤᠭᠠᠨ ᠤ ᠨᠡᠶᠢᠭᠡᠮᠯᠢᠭ ᠠᠴᠠ ᠲᠣᠮᠢᠯᠠᠭᠰᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠣᠷᠣᠯᠠᠨ ᠭᠦᠢᠴᠡᠳᠬᠡᠬᠦ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ︽ᠬᠠᠭᠠᠨ ᠤ ᠠᠳᠤᠭᠤᠨ ᠵᠤᠰᠠᠭᠠᠯ︾   ᠵᠢᠭᠤᠯᠴᠢᠯᠠᠯ ᠤᠨ ᠣᠷᠣᠨ ᠳᠠᠭᠠᠨ ᠤᠷᠢᠵᠤ  ᠂ ᠤᠯᠠᠨ ᠤᠯᠤᠰ ᠤᠨ ᠮᠣᠷᠢᠨ ᠤᠷᠤᠯᠳᠤᠭᠠᠨ ᠤ ᠲᠤᠰᠠᠭᠠᠷᠯᠠᠬᠤ ᠣᠷᠣᠨ ᠢ ᠪᠠᠶᠢᠭᠤᠯᠬᠤ ᠬᠠᠮᠢᠶ᠎ᠠ ᠪᠦᠬᠦᠢ ᠤᠴᠢᠷ ᠶᠠᠪᠤᠳᠠᠯ ᠳᠤ  ᠪᠠᠶᠢᠴᠠᠭᠠᠨ ᠰᠤᠳᠤᠯᠤᠯᠳᠠ ᠬᠢᠯᠭᠡᠪᠡ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠤᠯᠴᠢᠯᠠᠯ ᠤᠨ ᠤᠷᠤᠨ ᠤ ᠮᠣᠷᠢᠨ ᠤᠷᠤᠯᠳᠤᠭᠠᠨ ᠤ ᠲᠠᠯᠠᠪᠠᠢ᠂ ᠫᠧᠩ ᠰᠠᠷᠠᠪᠴᠢ ᠵᠡᠷᠭᠡ ᠭᠠᠵᠠᠷ ᠢᠶᠠᠷ ᠲᠣᠭᠤᠷᠢᠨ ᠦᠵᠡᠭᠰᠡᠨ ᠤ ᠳᠠᠷᠠᠭ᠎ᠠ ᠶᠠᠷᠢᠯᠴᠠᠬᠤ ᠬᠤᠷᠠᠯ ᠬᠢᠵᠡᠢ᠃ ᠬᠤᠷᠠᠯ ᠳᠡᠭᠡᠷ᠎ᠡ᠂  ᠤᠯᠠᠨ ᠤᠯᠤᠰ ᠤᠨ ᠮᠣᠷᠢᠨ ᠤᠷᠤᠯᠳᠤᠭᠠᠨ ᠤ ᠲᠤᠰᠠᠭᠠᠷᠯᠠᠬᠤ ᠣᠷᠣᠨ ᠤ  ᠭᠠᠵᠠᠷ ᠢ ᠰᠣᠩᠭᠤᠬᠤ᠂ ᠣᠷᠴᠢᠨ ᠲᠣᠭᠤᠷᠢᠨ ᠤ ᠨᠥᠬᠦᠴᠡᠯ᠂  ᠢᠵᠢ ᠪᠦᠷᠢᠳᠦᠭᠰᠡᠨ ᠲᠥᠬᠦᠭᠡᠷᠦᠮᠵᠢ ᠵᠢᠴᠢ  ᠬᠢᠯᠢ ᠶᠢᠨ ᠪᠣᠭᠤᠮᠲᠠ ᠪᠠᠷ ᠤᠷᠤᠵᠤ ᠭᠠᠷᠬᠤ ᠵᠦᠪᠰᠢᠶᠡᠷᠡᠯ᠂  ᠠᠭᠠᠷ ᠤᠨ ᠵᠦᠬᠡᠬᠡᠪᠦᠷᠢᠯᠡᠯᠳᠡ ᠵᠡᠷᠭᠡ ᠤᠴᠢᠷ ᠶᠠᠪᠤᠳᠠᠯ ᠤᠨ ᠲᠣᠭᠤᠷᠢᠨ ᠳᠤ  ᠶᠠᠷᠢᠯᠴᠠᠨ ᠰᠤᠯᠢᠯᠴᠠᠪᠠ᠃ ᠲᠠᠷᠠᠭᠠᠴᠢ ᠶᠢᠨ ᠠᠯᠬᠤᠮ ᠳᠤ᠂  ᠲᠠᠶᠢᠹᠤᠰᠧ ᠬᠤᠰᠢᠭᠤ ᠨᠢ ᠣᠷᠣᠨ ᠨᠤᠲᠤᠭ ᠤᠨ ᠣᠨᠴᠠᠯᠢᠭ ᠢᠶᠠᠨ ᠲᠤᠪᠤᠶᠢᠯᠭᠠᠵᠤ᠂ ᠠᠳᠤᠭᠤᠨ ᠤ ᠠᠵᠤ ᠦᠢᠯᠡᠰ ᠤᠨ ᠨᠠᠷᠠᠲᠤ ᠲᠡᠮᠳᠡᠭ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠤᠨ᠂ ᠠᠳᠤᠭᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠭᠡᠵᠦ᠂ ᠠᠵᠤ ᠦᠢᠯᠡᠰ ᠤᠨ ᠬᠥᠭᠵᠢᠯᠲᠡ ᠶᠢᠨ ᠬᠡᠯᠬᠢᠶ᠎ᠡ ᠶᠢ ᠤᠷᠳᠤᠳᠬᠠᠨ᠂ ᠠᠳᠤᠭᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ  ᠨᠡᠮᠡᠭᠳᠡᠬᠦᠯᠵᠦ᠂  ᠠᠰᠢᠭ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠪᠠᠷ ᠪᠠᠶᠢᠨ᠎ᠠ᠃ ᠳᠤᠮᠳᠠᠳᠤ ᠤᠯᠤᠰ ᠤᠨ ᠠᠳᠤᠭᠤᠨ ᠦᠢᠯᠡᠰ ᠤᠨ ᠨᠡᠶᠢᠭᠡᠮᠯᠢᠭ᠂ ᠳᠤᠮᠳᠠᠳᠤ ᠠᠦ᠋ᠰᠲᠷᠠᠯᠢᠶ᠎ᠠ ᠶᠢᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号