ᠵᠠᠩ ᡁᠢ ᠴᠢᠶᠠᠩ ᠲᠠᠶᠢᠹᠤᠰᠧ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ
ᠨᠡᠶᠢᠲᠡᠯᠡᠭᠰᠡᠨ ᠴᠠᠭ᠄
2023/5/15
   5 ᠰᠠᠷ᠎ᠠ ᠶᠢᠨ 9  ᠠᠴᠠ 10 ᠤ ᠡᠳᠦᠷ ᠪᠣᠯᠲᠠᠯ᠎ᠠ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠳᠡᠳ᠋ ᠡᠷᠬᠢᠯᠡᠭᠴᠢ ᠵᠠᠩ ᡁᠢ ᠴᠢᠶᠠᠩ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠦ ᠵᠢᠶᠧ ᠪᠢᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶᠠᠨ  ᠤ ᠠᠯᠪᠠᠨ ᠭᠡᠷ ᠤᠨ ᠳᠡᠳ᠋ ᠡᠷᠬᠢᠯᠡᠭᠴᠢ ᠶᠠᠩ ᠪᠥᠸᠧ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠯᠪᠠᠰᠤᠷᠠᠯ ᠤᠨ ᠲᠥᠪ ᠤᠨ ᠠᠯᠪᠠᠨ ᠭᠡᠷ ᠺᠠᠳ᠋ᠷ ᠵᠠᠩ ᠶᠠᠩ ᠵᠡᠷᠭᠡ ᠬᠦᠮᠦᠰ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ  ᠴᠢᠭ᠋ ᠲᠤᠭᠳᠠᠭᠠᠨ ᠬᠠᠪᠰᠤᠷᠤᠨ ᠲᠡᠳᠬᠦᠬᠦ ᠠᠵᠢᠯ ᠬᠠᠮᠢᠶ᠎ᠠ ᠪᠦᠬᠦᠢ ᠠᠵᠢᠯ ᠢ ᠪᠠᠶᠢᠴᠠᠭᠠᠨ  ᠰᠤᠳᠤᠯᠪᠠ᠃ ᠵᠠᠩ ᡁᠢ ᠴᠢᠶᠠᠩ  ᠵᠡᠷᠭᠡ ᠤᠳᠤᠷᠢᠳᠤᠯᠭ᠎ᠠ ᠤᠷᠢᠳ ᠬᠤᠵᠢᠳ ᠬᠤᠩ ᠴᠢ ᠪᠠᠯᠭᠠᠰᠤᠨ ᠤ ᠬᠤᠩ ᠰᠢ ᠲᠣᠰᠬᠤᠨ ᠂ ᠲᠠᠶᠢᠹᠤᠰᠧ ᠬᠤᠰᠢᠭᠤᠨ ᠤ ᠴᠠᠩ ᠰᠢᠩ ᠶᠤᠸᠠᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠩ ᠱᠧᠩ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠩ ᠮᠧᠩ ᠸᠧᠢ ᠶᠧ ᠲᠡᠵᠢᠭᠡᠨ ᠦᠷᠡᠵᠢᠭᠦᠯᠬᠦ  ᠬᠤᠷᠰᠢᠶᠠᠵᠢᠯ᠂ ᠴᠢᠶᠠᠨ ᠶᠢᠨ ᠭᠧᠦ ᠪᠠᠯᠭᠠᠰᠤᠨ ᠤ ᠲᠸᠦ ᠬᠤᠤ ᠲᠣᠰᠬᠤᠨ ᠵᠢᠴᠢ ᠴᠢᠶᠠᠨ ᠶᠢᠨ ᠭᠧᠦ ᠪᠠᠭ᠎ᠠ ᠰᠤᠷᠭᠠᠭᠤᠯᠢ ᠳᠤ ᠬᠦᠷᠴᠦ᠂  ᠬᠥᠷᠥᠰᠥ ᠰᠢᠷᠣᠢ ᠶᠢ ᠰᠠᠶᠢᠵᠢᠷᠠᠭᠤᠯᠬᠤ ᠰᠤᠳᠤᠯᠭᠠᠨ ᠤ ᠲᠦᠷᠦᠯ ᠵᠦᠢᠯ ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ  ᠂ ᠣᠷᠭᠠᠨᠢᠭ ᠪᠣᠷᠳᠣᠭᠤᠷ ᠤᠨ ᠢᠰᠬᠡᠯᠲᠡ᠂  ᠵᠢᠭᠤᠯᠴᠢᠯᠠᠯ ᠤᠨ ᠦᠢᠯᠡᠰ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠵᠢᠴᠢ ᠵᠢᠭᠠᠨ ᠰᠤᠷᠭᠠᠯᠳᠠ ᠶᠢᠨ ᠠᠵᠢᠯ ᠤᠨ ᠲᠤᠬᠠᠢ  ᠪᠠᠶᠢᠴᠠᠭᠠᠨ ᠰᠤᠳᠤᠯᠤᠯᠲᠠ ᠬᠢᠵᠡᠢ᠃ 5 ᠰᠠᠷ᠎ᠠ ᠶᠢᠨ 10 ᠤ ᠡᠳᠦᠷ ᠪᠤᠯᠤᠭᠰᠠᠨ ᠶᠠᠷᠢᠯᠴᠠᠬᠤ ᠬᠤᠷᠠᠯ ᠳᠤ  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠤᠷᠤᠯᠴᠠᠭᠰᠠᠨ ᠪᠠᠶᠢᠨ᠎ᠠ᠃ ᠵᠠᠩ ᡁᠢ ᠴᠢᠶᠠᠩ ᠢᠯᠡᠷᠬᠡᠶᠢᠯᠡᠬᠦ  ᠳᠡᠭᠡᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ  ᠴᠢᠭ᠋ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠥᠷᠨᠢᠭᠦᠯᠦᠭᠰᠡᠨ ᠠᠴᠠ ᠨᠠᠰᠢ ᠬᠤᠶᠠᠷ ᠲᠠᠯ᠎ᠠ ᠪᠠᠷ ᠢᠶᠠᠨ ᠠᠵᠢᠯ ᠣᠯᠵᠤ ᠦᠢᠯᠡᠰ ᠪᠦᠳᠦᠭᠡᠬᠦ᠂ ᠴᠢᠳᠠᠪᠤᠷᠢᠲᠠᠨ ᠢ ᠬᠥᠮᠥᠵᠢᠭᠦᠯᠬᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠪᠤᠷᠤᠯᠠᠭᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠦᠭᠵᠢᠬᠦᠯᠦᠯᠳᠡ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠨᠢᠭᠲᠠ ᠬᠠᠷᠢᠴᠠᠭ᠎ᠠ ᠶᠢ ᠪᠠᠶᠢᠭᠤᠯᠪᠠ᠃ ᠲᠠᠷᠠᠭᠠᠴᠢ ᠶᠢᠨ ᠠᠯᠬᠤᠮ ᠳᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠢᠨ ᠲᠠᠶᠢᠹᠤᠰᠧ ᠬᠤᠰᠢᠭᠤᠨ ᠤ ᠬᠥᠭᠵᠢᠯᠲᠡ ᠶᠢ ᠦᠷᠭᠦᠯᠵᠢᠯᠡᠨ  ᠬᠠᠯᠠᠮᠵᠢᠯᠠᠵᠤ᠂ ᠺᠠᠳ᠋ᠷ ᠤᠨ ᠪᠣᠯᠪᠠᠰᠤᠷᠠᠯ᠂ ᠴᠢᠳᠠᠪᠤᠷᠢᠲᠠᠨ ᠤ ᠰᠣᠯᠢᠯᠴᠠᠭ᠎ᠠ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠵᠡᠷᠭᠡ ᠲᠠᠯ᠎ᠠ  ᠪᠠᠷ ᠬᠠᠪᠰᠤᠷᠤᠨ ᠲᠡᠳᠬᠦᠬᠦ ᠡᠷᠴᠢᠮ ᠢ ᠤᠯᠠᠮ ᠴᠢᠩᠭᠠᠷᠠᠭᠤᠯᠤᠨ᠂ ᠲᠠᠶᠢᠹᠤᠰᠧ ᠬᠤᠰᠢᠭᠤᠨ ᠤ ᠶᠠᠳᠠᠭᠤ   ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠠᠯ᠎ᠠ ᠪᠠᠷ ᠨᠠᠩ ᠶᠡᠭᠡ ᠰᠢᠨ᠎ᠡ ᠦᠷ᠎ᠡ ᠪᠦᠲᠦᠮᠵᠢ ᠣᠯᠬᠤ ᠳᠤ ᠬᠦᠴᠦᠨ ᠨᠡᠮᠡᠷᠢᠯᠡᠨ᠎ᠡ ᠭᠡᠵᠡᠢ᠃ ᠵᠣᠣ ᠹᠧᠢ ᠫᠧᠩ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠪᠣᠯᠣᠨ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ   ᠢ  ᠲᠦᠯᠦᠭᠡᠯᠡᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ   ᠶᠢᠨ ᠣᠶᠢᠷ᠎ᠠ ᠶᠢᠨ ᠵᠢᠯ ᠤᠳ ᠲᠤ ᠠᠵᠤ ᠦᠢᠯᠡᠰ ᠤᠨ ᠬᠥᠭᠵᠢᠯᠲᠡ᠂ ᠪᠡᠯᠡ ᠣᠷᠤᠭᠤᠯᠤᠯᠲᠠ᠂ ᠴᠢᠳᠠᠪᠤᠷᠢᠲᠠᠨ ᠪᠠ ᠰᠤᠷᠭᠠᠨ ᠬᠥᠮᠦᠵᠢᠯ ᠡᠮ ᠡᠮᠨᠡᠯᠭᠡ   ᠶᠢᠨ ᠳᠡᠮᠵᠢᠯᠭᠡ ᠵᠡᠷᠭᠡ ᠲᠠᠯ᠎ᠠ ᠪᠠᠷ ᠲᠠᠶᠢᠹᠤᠰᠧ ᠬᠤᠰᠢᠭᠤᠨ  ᠳᠤ ᠶᠡᠬᠡᠬᠡᠨ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠷᠬᠡᠶᠢᠯᠡᠪᠡ᠃ ᠵᠣᠣ ᠹᠧᠢ ᠫᠧᠩ ᠬᠡᠯᠡᠬᠦ ᠳᠡᠭᠡᠨ᠂ ᠲᠠᠶᠢᠹᠤᠰᠧ ᠬᠤᠰᠢᠭᠤᠨ ᠤ ᠬᠢᠨ ᠴᠢᠭ᠋ ᠲᠤᠭᠳᠠᠭᠠᠵᠤ ᠬᠠᠪᠰᠤᠷᠤᠨ ᠲᠡᠳᠬᠦᠬᠦ ᠶᠢᠨ ᠳᠠᠪᠠᠭᠤᠯᠢᠭ ᠢ ᠠᠰᠢᠭᠯᠠᠨ᠂ ᠺᠠᠳ᠋ᠷᠴᠤᠳ ᠤᠨ  ᠪᠣᠯᠪᠠᠰᠤᠷᠠᠯ ᠬᠥᠮᠦᠵᠢᠯ ᠪᠠ ᠪᠠᠶᠢᠴᠠᠭᠠᠨ ᠰᠤᠳᠤᠯᠤᠯᠲᠠ ᠶᠢ ᠨᠢᠭᠲᠠ ᠤᠶᠠᠯᠳᠤᠭᠤᠯᠵᠤ᠂ ᠪᠣᠯᠪᠠᠰᠤᠷᠠᠯ ᠬᠦᠮᠦᠵᠢᠯ ᠤᠨ ᠰᠢᠰᠲ᠋ᠧᠮᠲᠦ ᠴᠢᠨᠠᠷ᠂ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ  ᠪᠤᠯᠭᠠᠬᠤ ᠪᠠᠷ ᠴᠢᠷᠮᠠᠶᠢᠨ᠎ᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠨᠢ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠪᠡᠯᠡ ᠮᠥᠩᠭᠦ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂  ᠬᠠᠪᠰᠤᠷᠤᠨ ᠲᠡᠳᠬᠦᠬᠦ ᠪᠣᠯᠪᠠᠰᠤᠷᠠᠯ ᠤᠨ ᠠᠵᠢᠯ ᠢ ᠴᠢᠩᠭᠠᠳᠬᠠᠨ᠂ ᠲᠠᠶᠢᠹᠤᠰᠧ ᠬᠤᠰᠢᠭᠤᠨ ᠤ ᠺᠠᠳ᠋ᠷ ᠠᠵᠢᠯᠲᠠᠨ ᠤ ᠨᠠᠮᠴᠢ ᠴᠢᠨᠠᠷ ᠤᠨ ᠪᠣᠯᠪᠠᠰᠤᠷᠠᠯ᠂ ᠣᠨᠣᠯ ᠤᠨ ᠪᠣᠯᠪᠠᠰᠤᠷᠠᠯ ᠪᠠ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ ᠯᠢ ᠴᠦᠨ ᠭᠤᠸᠠᠩ ᠪᠣᠯᠪᠠᠰᠤᠷᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠲᠠᠷᠢᠶᠠᠯᠠᠩ  ᠮᠠᠯ ᠠᠵᠤ ᠠᠬᠤᠢ ᠶᠢᠨ ᠲᠤᠪᠴᠢᠶ᠎ᠠ᠂ ᠰᠤᠷᠭᠠᠨ ᠬᠥᠮᠦᠵᠢᠯ ᠤᠨ ᠲᠤᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠲᠤᠪᠴᠢᠶᠠᠨ ᠤ ᠬᠠᠷᠢᠭᠤᠴᠠᠯᠭᠠᠲᠠᠨ   ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠭᠰᠠᠨ ᠪᠠᠶᠢᠨ᠎ᠠ᠃ ᠸᠠᠩ ᠸᠧᠢ ᠬᠤᠩ᠂ ᠰᠦᠨ ᠶᠠᠨ᠂ ᠯᠢ ᠴᠦᠨ ᠭᠤᠸᠠᠩ᠂  ᠡᠷᠳᠡᠨᠢᠪᠠᠭᠠᠳᠤᠷ  ᠵᠢᠴᠢ ᠰᠤᠮᠤ ᠰᠢᠶᠠᠩ ᠪᠠᠯᠭᠠᠰᠤ᠂  ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号