ᠲᠠᠶᠢᠹᠤᠰᠧ ᠬᠤᠰᠢᠭᠤ 2023 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/15
 ᠣᠶᠢᠷ᠎ᠠ ᠳᠤ᠂  ᠲᠠᠶᠢᠹᠤᠰᠧ ᠬᠤᠰᠢᠭᠤᠨ ᠤ ᠬᠢᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠵᠦ ᠡᠬᠢᠯᠡᠭᠰᠡᠨ ᠪᠠᠶᠢᠨ᠎ᠠ᠃ 5 ᠰᠠᠷ᠎ᠠ ᠶᠢᠨ 11 ᠤ ᠡᠳᠦᠷ  ᠂ ᠬᠤᠰᠢᠭᠤ ᠨᠠᠮ ᠤᠨ  ᠬᠤᠷᠢᠶᠠᠨ ᠤ ᠱᠦᠵᠢ ᠵᠣᠣ ᠹᠧᠢ ᠫᠧᠩ᠂ ᠬᠤᠰᠢᠭᠤ ᠨᠠᠮ ᠤᠨ  ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠴᠧᠨ ᠶᠠᠨ ᠪᠦᠦ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ ᠵᠡᠷᠭᠡ ᠤᠳᠤᠷᠢᠳᠤᠯᠭ᠎ᠠ ᠠᠯᠪᠠᠨ ᠵᠢᠷᠤᠮ ᠤᠨ ᠮᠣᠳᠣ ᠳᠠᠷᠢᠬᠤ ᠭᠠᠵᠠᠷ ᠲᠤ ᠬᠦᠷᠴᠦ᠂ ᠪᠥᠬᠦ ᠬᠤᠰᠢᠭᠤᠨ ᠤ ᠺᠠᠳ᠋ᠷ ᠠᠵᠢᠯᠳᠠᠳ ᠲᠠᠢ ᠬᠠᠮᠲᠤ ᠮᠣᠳᠣ ᠳᠠᠷᠢᠬᠤ ᠠᠵᠢᠯᠯᠠᠭ᠎ᠠ ᠳᠤ ᠤᠷᠤᠯᠴᠠᠨ᠂ ᠦᠵᠡᠰᠬᠦᠯᠡᠩᠲᠦ ᠨᠤᠭᠤᠭᠠᠨ ᠲᠠᠶᠢᠹᠤᠰᠧ  ᠬᠤᠰᠢᠭᠤᠨ ᠤ ᠪᠠᠶᠢᠭᠤᠯᠤᠯᠳᠠ ᠳᠤ ᠬᠦᠴᠦᠨ ᠨᠡᠮᠡᠷᠢᠯᠡᠵᠡᠢ᠃ ᠮᠣᠳᠣ ᠳᠠᠷᠢᠬᠤ ᠵᠠᠪᠰᠠᠷ ᠢᠶᠠᠷ ᠂ ᠵᠣᠣ ᠹᠧᠢ ᠫᠧᠩ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠵᠤ᠂ ᠪᠥᠬᠦ ᠬᠤᠰᠢᠭᠤᠨ ᠤ ᠮᠣᠳᠣ ᠳᠠᠷᠢᠵᠤ ᠣᠶᠢᠵᠢᠭᠤᠯᠬᠤ ᠠᠵᠢᠯ   ᠤᠨ   ᠪᠠᠶᠢᠳᠠᠯ   ᠢ ᠨᠠᠷᠢᠨ ᠨᠢᠮᠪᠠᠢ ᠠᠰᠠᠭᠤᠨ ᠯᠠᠪᠯᠠᠵᠤ ᠪᠠᠶᠢᠯ᠎ᠠ᠃  ᠵᠤᠤ ᠹᠸᠢ ᠫᠧᠩ  ᠂  ᠲᠠᠷᠢᠬᠤ  ᠮᠤᠳᠤᠨ ᠤ ᠲᠦᠷᠦᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂  ᠨᠢᠯᠬ᠎ᠠ ᠮᠣᠳᠣ   ᠶᠢ ᠵᠦᠢ ᠵᠣᠬᠢᠰᠲᠠᠢ ᠰᠤᠩᠭᠤᠨ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ   ᠶᠢ ᠴᠢᠩᠭᠠᠳᠬᠠᠵᠤ᠂ ᠮᠡᠷᠭᠡᠵᠢᠯ ᠤᠨ ᠭᠤᠭᠴᠤᠭ᠎ᠠ   ᠶᠢ ᠡᠵᠡᠮᠳᠡᠨ᠂  ᠤᠨᠳᠤᠷᠤᠯᠳᠠ ᠶᠢᠨ ᠨᠣᠷᠮ᠎ᠠ   ᠶᠢ ᠳᠡᠭᠡᠭᠰᠢᠯᠡᠭᠦᠯᠵᠦ᠂ ︽ᠨᠢᠭᠡ ᠶᠢ ᠲᠠᠷᠢᠪᠠᠯ ᠨᠢᠭᠡ ᠶᠢ ᠤᠷᠭᠤᠭᠤᠯᠬᠤ︾   ᠶᠢ ᠦᠨᠡᠨᠬᠦ  ᠪᠡᠶᠡᠯᠡᠬᠦᠯᠦᠨ᠂ ᠬᠤᠲᠠ ᠬᠥᠳᠡᠭᠡ   ᠶᠢᠨ ᠨᠣᠭᠤᠭᠠᠷᠠᠭᠤᠯᠤᠯᠲᠠ   ᠶᠢᠨ ᠣᠷᠣᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃  ᠬᠤᠰᠢᠭᠤ ᠲᠠᠶᠠᠭᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ   ᠢ ᠭᠦᠨᠵᠡᠭᠡᠢ ᠦᠢᠯᠡᠳᠦᠯᠭᠡᠵᠢᠬᠦᠯᠵᠦ  ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠨ᠂ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠨᠣᠭᠤᠭᠠᠷᠠᠭᠤᠯᠤᠯᠲᠠ ᠳᠤ ᠤᠷᠤᠯᠴᠠᠵᠤ ᠰᠠᠶᠢᠨ ᠰᠠᠶᠢᠬᠠᠨ ᠠᠭᠤᠷ ᠠᠮᠢᠰᠬᠤᠯ   ᠢ ᠪᠣᠶ ᠪᠤᠯᠭᠠᠨ᠂ ᠲᠠᠶᠢᠹᠤᠰᠧ ᠬᠤᠰᠢᠭᠤᠨ ᠤ   ᠪᠠᠨ ᠤᠭᠳᠠᠷᠭᠤᠢ ᠶᠢ ᠨᠢ ᠨᠠᠩ ᠴᠡᠯᠮᠡᠭ᠂ ᠤᠰᠤ ᠶᠢ ᠨᠠᠩ ᠲᠤᠩᠭᠠᠯᠠᠭ᠂  ᠠᠭᠤᠯᠠ   ᠶᠢ ᠨᠠᠩ ᠨᠣᠭᠤᠭᠠᠨ᠂ ᠠᠭᠠᠷ   ᠢ ᠨᠢ ᠨᠠᠩ ᠴᠡᠪᠡᠷ  ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃  ᠡᠨᠡ ᠤᠳᠠᠭᠠᠨ ᠤ ᠠᠯᠪᠠᠨ ᠵᠢᠷᠤᠮ ᠤᠨ ᠮᠣᠳᠣ ᠳᠠᠷᠢᠬᠤ ᠲᠠᠯᠠᠪᠠᠢ ᠨᠢ 300 ᠮᠦ ᠣᠷᠴᠢᠮ ᠪᠠᠶᠢᠵᠤ᠂ 15000 ᠰᠢᠬᠠᠮ ᠵᠢᠭᠠᠷᠲᠤ ᠨᠠᠷᠠᠰᠤ ᠳᠠᠷᠢᠬᠤ ᠪᠠᠷ ᠲᠦᠯᠦᠪᠯᠡᠵᠡᠢ᠃  ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠪᠠᠶᠢᠭᠤᠯᠭ᠎ᠠ ᠨᠢᠬᠡᠴᠡ ᠠᠵᠤ ᠠᠬᠤᠶᠢᠯᠠᠯ ᠤᠨ ᠠᠵᠢᠯᠳᠠᠳ ᠪᠠ ᠰᠠᠶᠢᠨ ᠲᠤᠷᠠᠳᠠᠳ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号