ᠪᠥᠬᠦ ᠨᠡᠶᠢᠭᠡᠮ ᠤᠨ ᠭᠠᠮᠰᠢᠭ ᠠᠴᠠ ᠰᠡᠷᠭᠡᠶᠢᠯᠡᠬᠦ ᠤᠬᠠᠮᠰᠠᠷ ᠢ ᠤᠯᠠᠮ ᠴᠢᠩᠭᠠᠳᠬᠠᠵᠤ᠂ ᠠᠷᠠᠳ ᠤᠯᠠᠨ ᠤ | ᠭᠠᠮᠰᠢᠭ ᠠᠴᠠ ᠰᠡᠷᠭᠡᠶᠢᠯᠡᠵᠦ ᠬᠤᠬᠢᠷᠠᠯ ᠢ ᠪᠠᠭᠠᠰᠬᠠᠬᠤ ᠮᠡᠳᠡᠯᠭᠡ ᠶᠢ ᠨᠡᠮᠡᠭᠳᠡᠬᠦᠯᠦᠨ᠂ ᠭᠠᠮᠰᠢᠭ ᠠᠴᠠ ᠵᠠᠶᠢᠯᠠᠵᠤ | ᠥᠪᠡᠷ ᠢ ᠪᠠᠨ ᠠᠪᠤᠷᠠᠬᠤ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠥᠯᠥᠭᠡ᠂ 5 ᠰᠠᠷ᠎ᠠ ᠶᠢᠨ 12 ᠤᠨ ᠡᠳᠦᠷ | ᠲᠠᠶᠢᠹᠤᠰᠧ ᠬᠤᠰᠢᠭᠤᠨ ᠤ ᠬᠢᠨ ︽ᠠᠶᠤᠯ ᠭᠠᠮᠰᠢᠭ ᠢ ᠰᠠᠶᠢᠳᠤᠷ ᠰᠡᠷᠭᠡᠶᠢᠯᠡᠵᠦ ᠴᠢᠨᠠᠷ ᠰᠠᠶᠢᠲᠠᠢ ᠬᠥᠭᠵᠢᠯᠲᠡ ᠶᠢ | ᠪᠠᠳᠤᠯᠠᠬᠤ ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠡᠳ᠋ ᠬᠤᠰᠢᠭᠤ ᠲᠠᠷᠤᠭ᠎ᠠ ᠶᠢᠨ ᠶᠦᠩ ᠾᠧ | ᠠᠵᠢᠯᠯᠠᠭ᠎ᠠ ᠳᠤ ᠤᠷᠤᠯᠴᠠᠵᠠᠢ᠃ ᠠᠬᠤᠢ ᠲᠠᠯᠠᠪᠠᠢ ᠳᠤ᠂ ᠡᠯ᠎ᠡ ᠪᠠᠶᠢᠭᠤᠯᠭ᠎ᠠ ᠨᠢᠭᠡᠴᠡ ᠨᠢ ᠤᠬᠠᠭᠤᠯᠭ᠎ᠠ ᠶᠢᠨ | ᠰᠠᠮᠪᠠᠷ᠎ᠠ ᠪᠤᠰᠬᠠᠬᠤ᠂ ᠤᠬᠠᠭᠤᠯᠭ᠎ᠠ ᠶᠢᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠵᠡᠷᠭᠡ ᠬᠡᠯᠪᠡᠷᠢ ᠪᠠᠷ ᠨᠡᠶᠢᠭᠡᠮ ᠨᠡᠶᠢᠲᠡ ᠳᠤ ᠤᠬᠠᠭᠤᠯᠭ᠎ᠠ ᠬᠢᠵᠦ᠂ ᠭᠠᠮᠰᠢᠭ ᠠᠴᠠ ᠰᠡᠷᠭᠡᠶᠢᠯᠡᠬᠦ ᠮᠡᠳᠡᠯᠭᠡ ᠶᠢ | ᠲᠦᠬᠡᠮᠡᠯᠵᠢᠬᠦᠯᠦᠨ᠂ ᠭᠠᠮᠰᠢᠭ ᠠᠴᠠ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠭᠠᠮᠰᠢᠭ ᠠᠴᠠ ᠰᠡᠷᠭᠡᠶᠢᠯᠡᠬᠦ | ᠴᠢᠳᠠᠪᠤᠷᠢ ᠶᠢ ᠨᠡᠮᠡᠭᠳᠡᠬᠦᠯᠦᠭᠰᠡᠨ ᠪᠦᠭᠡᠳ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠠᠪᠤᠷᠠᠨ ᠲᠤᠰᠠᠯᠠᠬᠤ ᠠᠩᠭᠢ᠂ ᠣᠶ ᠰᠢᠭᠤᠢ ᠨᠤᠲᠤᠭ ᠪᠡᠯᠴᠢᠭᠡᠷ ᠤᠨ ᠭᠠᠯ | ᠤᠨᠲᠠᠷᠠᠭᠠᠬᠤ ᠠᠩᠭᠢ ᠨᠢ ᠪᠠᠰᠠ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠤᠨ ᠦᠵᠡᠭᠦᠯᠦᠯᠭᠡ ᠬᠢᠭᠰᠡᠨ ᠪᠠᠶᠢᠨ᠎ᠠ᠃ | ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠲᠠᠶᠢᠹᠤᠰᠧ | ᠬᠤᠰᠢᠭᠤᠨ ᠤ ᠭᠠᠮᠰᠢᠭ ᠰᠡᠷᠭᠡᠶᠢᠯᠡᠬᠦ ᠵᠥᠪᠯᠡᠯ ᠤᠨ ᠠᠯᠪᠠᠨ ᠭᠡᠷ ᠨᠢ ᠡᠯ᠎ᠡ ᠭᠡᠰᠢᠬᠦᠨ ᠨᠢᠭᠡᠴᠡ ᠶᠢ ᠵᠣᠬᠢᠶᠠᠨ | ᠪᠠᠶᠢᠭᠤᠯᠵᠤ᠂ ᠲᠣᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ ᠬᠡᠯᠪᠡᠷᠢ ᠶᠢ | ᠲᠠᠰᠤᠷᠠᠯᠲᠠ ᠦᠭᠡᠢ ᠰᠢᠨᠡᠴᠢᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠤᠬᠠᠭᠤᠯᠭ᠎ᠠ ᠶᠢᠨ ᠠᠵᠢᠯᠯᠠᠭ᠎ᠠ ᠶᠢ ᠶᠡᠭᠡ ᠪᠠᠷ ᠦᠷᠨᠢᠬᠦᠯᠬᠦ ᠪᠠᠷ ᠲᠤᠭᠳᠠᠵᠠᠢ᠃ ᠣᠶᠢᠯᠠᠭᠠᠭᠰᠠᠨ ᠢᠶᠠᠷ᠂ | ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠰᠠᠮᠪᠠᠷ᠎ᠠ 40 | ᠭᠠᠷᠤᠢ ᠶᠢ ᠪᠤᠰᠬᠠᠵᠤ᠂ 2200 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠤ ᠬᠠᠮᠳᠤ᠂ | 300 ᠭᠠᠷᠤᠢ ᠬᠥᠮᠥᠨ ᠤ ᠠᠰᠠᠭᠤᠨ ᠯᠠᠪᠯᠠᠬᠤ ᠶᠢ ᠭᠥᠯᠢᠶᠡᠨ ᠠᠪᠤᠭᠰᠠᠨ ᠪᠠᠶᠢᠨ᠎ᠠ᠃ |