ᠲᠠᠶᠢᠹᠤᠰᠧ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠠᠮᠵᠢᠯᠳᠠᠳᠠᠢ ᠶᠠᠪᠤᠭᠳᠠᠪᠠ
ᠨᠡᠶᠢᠲᠡᠯᠡᠭᠰᠡᠨ ᠴᠠᠭ᠄
2023/5/15
  ︽ ᠨᠡᠮᠡᠷᠢ  ᠬᠠᠨᠳᠢᠪᠯᠠᠬᠤ᠂ ᠨᠥᠬᠦᠷᠰᠡᠭ ᠬᠠᠷᠢᠯᠴᠠᠬᠤ᠂ ᠬᠠᠷᠢᠯᠴᠠᠨ ᠬᠠᠪᠰᠤᠷᠤᠯᠴᠠᠬᠤ᠂ ᠬᠠᠮᠳᠤᠪᠠᠷ ᠳᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠪᠥᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠢᠮᠵᠢᠭᠰᠡᠨ᠂ ᠪᠠᠶᠢᠩᠭᠤᠵᠢᠭᠰᠠᠨ᠂  ᠲᠡᠮᠳᠡᠭᠵᠢᠭᠰᠡᠨ ᠬᠥᠭᠵᠢᠯᠲᠡ ᠶᠢ ᠭᠦᠨᠵᠡᠭᠡᠢ  ᠠᠬᠢᠭᠤᠯᠬᠤ ᠶᠢᠨ ᠲᠦᠯᠦᠭᠡ᠂  5 ᠰᠠᠷ᠎ᠠ ᠶᠢᠨ 11 ᠤ ᠡᠳᠦᠷ ᠲᠠᠶᠢᠹᠤᠰᠧ ᠬᠤᠰᠢᠭᠤ ᠠᠩᠬᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ ᠢ ᠡᠷᠬᠢᠯᠡᠵᠡᠢ᠃  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠧᠢ ᠫᠧᠩ᠂ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠡᠷᠬᠢᠯᠡᠭᠴᠢ ᠫᠠᠩ ᠰᠢᠶᠣᠣ ᠶᠠᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ ᠸᠠᠩ ᠸᠧᠢ ᠬᠤᠩ ᠵᠡᠷᠭᠡ ᠤᠳᠤᠷᠢᠳᠤᠯᠭ᠎ᠠ ᠠᠬᠤᠢ ᠲᠠᠯᠠᠪᠠᠢ ᠳᠤ ᠬᠦᠷᠴᠦ ᠤᠷᠤᠯᠳᠤᠭᠠᠨ ᠢ ᠰᠣᠨᠢᠷᠬᠠᠪᠠ᠃  ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤᠨ ᠤ ᠨᠠᠮ ᠤᠨ ᠬᠤᠷᠢᠶ᠎ᠠ  ᠵᠠᠰᠠᠭ ᠤᠨ ᠣᠷᠳᠣᠨ ᠤ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂  ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮ ᠪᠠ  ᠰᠢᠰᠲ᠋ᠧᠮᠵᠢ ᠶᠢ ᠤᠯᠠᠮ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ  ᠦᠢᠯᠡᠴᠢᠯᠡᠭᠡᠨ  ᠤ ᠲᠦᠷᠢᠮᠵᠢᠵᠦ  ᠂ ᠪᠠᠶᠢᠩᠭᠤᠵᠢᠵᠤ᠂ ᠲᠡᠮᠳᠡᠭᠵᠢᠵᠦ᠂ ᠪᠦᠳᠦᠮᠵᠢᠬᠦ ᠶᠢ ᠠᠬᠢᠭᠤᠯᠤᠨ᠂ ᠪᠠᠶᠢᠭᠤᠯᠭ᠎ᠠ ᠨᠢᠬᠡᠴᠡ ᠶᠢᠨ ᠨᠠᠮ ᠤᠨ ᠭᠡᠰᠢᠭᠦᠨ ᠺᠠᠳ᠋ᠷ ᠲᠦᠷᠦᠭᠦᠯᠡᠨ ᠣᠷᠣᠯᠴᠠᠬᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠ ᠥᠷᠭᠡᠨ ᠤᠯᠠᠨ ᠵᠠᠯᠠᠭᠤ ᠰᠤᠷᠤᠭᠴᠢᠳ᠂  ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠢᠳᠡᠪᠬᠢᠲᠡᠢ ᠣᠷᠣᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠤᠢ  ᠪᠤᠯᠭᠠᠭᠰᠠᠨ ᠪᠠᠶᠢᠨ᠎ᠠ᠃ ᠣᠲᠣ ᠪᠣᠯᠲᠠᠯ᠎ᠠ᠂ ᠲᠤᠰ ᠬᠤᠰᠢᠭᠤᠨ ᠤ ᠦᠨᠡᠨ ᠨᠡᠷ᠎ᠡ ᠪᠠᠷ ᠢᠶᠠᠨ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠦᠢᠯᠡᠴᠢᠯᠡᠭᠴᠢ 13000 ᠭᠠᠷᠤᠢ ᠬᠥᠮᠥᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 300 ᠭᠠᠷᠤᠢ ᠪᠠᠶᠢᠵᠤ᠂ ᠪᠥᠬᠦ ᠬᠤᠰᠢᠭᠤᠨ ᠤ ᠣᠶᠤᠨ ᠤ ᠪᠣᠯᠪᠠᠰᠤᠨ ᠤ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠬᠦᠯᠪᠡ᠃   ᠡᠨᠡ  ᠤᠳᠠᠭᠠᠨ ᠤ ᠤᠷᠤᠯᠳᠤᠭᠠᠨ ᠳᠤ ᠤᠷᠤᠯᠴᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠨᠢ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠠᠭᠠᠴᠤᠳ ᠬᠡᠦᠬᠡᠳ ᠢ ᠬᠠᠶᠢᠷᠠᠯᠠᠵᠤ ᠬᠠᠯᠠᠮᠵᠢᠯᠠᠬᠤ ᠵᠡᠷᠭᠡ ᠤᠯᠠᠨ ᠬᠦᠷᠢᠶ᠎ᠡ ᠴᠠᠷᠠᠭ᠎ᠠ ᠳᠤ ᠬᠤᠯᠪᠤᠭᠳᠠᠵᠤ᠂  ᠬᠤᠷᠴᠠ ᠰᠢᠷᠦᠬᠦᠨ ᠦᠷᠢᠰᠦᠯᠳᠦᠬᠡᠨ ᠢᠶᠠᠷ ᠲᠠᠮᠵᠢᠭᠠᠳ  ᠨᠢᠬᠡᠳᠦᠭᠡᠷ ᠲᠡᠰ ᠲᠤ 1 ᠨᠡᠷ᠎ᠡ  ᠂ ᠬᠤᠶᠠᠳᠤᠭᠠᠷ ᠲᠡᠰ ᠲᠤ 2 ᠨᠡᠷ᠎ᠡ᠂ ᠭᠤᠷᠪᠠᠳᠤᠭᠠᠷ ᠲᠡᠰ ᠲᠤ 3 ᠨᠡᠷ᠎ᠡ ᠰᠢᠯᠭᠠᠷᠠᠭᠤᠯᠵᠤ᠂  ᠰᠢᠯᠢᠳᠡᠭ ᠲᠦᠷᠦᠯ ᠵᠦᠢᠯ  6   ᠶᠢ ᠰᠢᠯᠭᠠᠷᠠᠭᠤᠯᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号