ᠲᠠᠶᠢᠹᠤᠰᠧ ᠬᠤᠰᠢᠭᠤ ︽  ᠰᠠᠶᠢᠨ  ᠰᠠᠶᠢᠬᠠᠨ ᠭᠡᠷ ᠤᠨ ᠰᠤᠷᠲᠠᠯ ᠢ ᠲᠦᠮᠡᠨ ᠡᠷᠦᠬᠡ ᠳᠤ ᠲᠦᠭᠡᠮᠡᠯᠵᠢᠬᠦᠯᠬᠦ︾  ᠭᠤᠣᠯ ᠰᠡᠳᠦᠪᠲᠦ ᠤᠬᠠᠭᠤᠯᠭ᠎ᠠ ᠲᠠᠶᠢᠯᠤᠮᠵᠢ ᠬᠢᠭᠰᠡᠨ
ᠨᠡᠶᠢᠲᠡᠯᠡᠭᠰᠡᠨ ᠴᠠᠭ᠄
2023/5/15
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠥᠯᠥᠭᠡ᠂  ︽ᠡᠬᠡᠴᠦᠦᠯ ᠤᠨ ᠪᠠᠶᠠᠷ︾ ᠪᠠ  ︽ᠤᠯᠠᠨ ᠤᠯᠤᠰ  ᠤᠨ ᠭᠡᠷ ᠪᠦᠯᠢ ᠶᠢᠨ ᠡᠳᠦᠷ ︾  ᠬᠦᠷᠴᠦ ᠢᠷᠡᠬᠦ ᠲᠠᠰᠢᠷᠠᠮ  ᠳᠤ᠂ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠠᠢ ᠬᠤᠯᠪᠤᠭᠠᠯᠠᠨ ︽ ᠰᠠᠶᠢᠨ ᠰᠠᠶᠢᠬᠠᠨ ᠭᠡᠷ ᠤᠨ ᠰᠤᠷᠲᠠᠯ ᠢ ᠲᠦᠮᠡᠨ ᠡᠷᠦᠬᠡ ᠳᠤ ᠲᠦᠭᠡᠮᠡᠯᠵᠢᠬᠦᠯᠬᠦ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭᠠᠨ ᠤ ᠳᠤᠮᠳᠠ᠂ ᠠᠶᠢᠮᠠᠭ ᠤᠨ ᠲᠠᠰ ᠤᠨ ︽ᠬᠠᠮᠤᠭ ᠤᠨ ᠭᠤᠶᠣ ᠭᠡᠷ ᠪᠦᠯᠢ ︾ ᠶᠢᠨ ᠲᠥᠯᠥᠭᠡᠯᠡᠭᠴᠢ ᠶᠤᠸᠠᠨ ᠵᠢᠤᠢ ᠬᠤᠢ ᠠᠴᠠ ᠡᠬᠡᠯ ᠪᠣᠷᠣᠭᠵᠢᠭᠤᠨ ᠦᠭᠡ ᠬᠡᠯᠡᠯᠭᠡ ᠪᠠᠷ  ᠭᠡᠷ ᠪᠦᠯᠢ ᠶᠢᠨ ᠡᠪ ᠨᠠᠶᠢᠷ  ᠰᠤᠷᠳᠠᠯ ᠰᠤᠷᠭᠠᠯ ᠤᠨ  ᠲᠤᠬᠠᠢ ᠦᠪᠡᠷ ᠤᠨ ᠥᠯᠢᠭᠡᠷ  ᠢᠶᠠᠨ ᠶᠠᠷᠢᠵᠤ᠂   ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠲᠠᠩ ᠵᠧ ᠯᠢᠩ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠷᠠᠳᠤᠭᠰᠠᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠠᠭᠤᠯᠭ᠎ᠠ ᠶᠢᠨ ᠲᠤᠬᠠᠢ  ᠲᠠᠶᠢᠯᠤᠮᠵᠢ ᠬᠢᠵᠦ  ᠂ ᠰᠢᠯᠢᠳᠡᠭ ᠰᠠᠶᠢᠨ ᠭᠡᠷ ᠤᠨ ᠰᠤᠷᠲᠠᠯ ᠤᠨ ᠤᠯᠤᠰ ᠣᠷᠣᠨ᠂ ᠭᠡᠷ ᠪᠦᠯᠢ᠂ ᠦᠷ᠎ᠡ ᠬᠤᠶᠢᠴᠢᠰ ᠲᠤ ᠦᠵᠡᠭᠦᠯᠬᠦ ᠴᠢᠬᠤᠯᠠ ᠴᠢᠨᠠᠷ ᠢ ᠥᠷᠭᠡᠨ ᠤᠯᠠᠨ ᠡᠮᠡᠭᠲᠡᠶᠢᠴᠦᠳ ᠲᠤ  ᠲᠠᠨᠢᠭᠤᠯᠤᠨ᠂  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠮᠦᠴᠢᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠤᠶᠢᠯᠠᠭᠠᠬᠤ᠂   ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠰᠢᠬᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠵᠡᠢ᠃ ᠤᠬᠠᠭᠤᠯᠭ᠎ᠠ ᠲᠠᠶᠢᠯᠤᠮᠵᠢ ᠶᠢ ᠰᠤᠨᠤᠰᠤᠭᠰᠠᠨ ᠡᠮᠡᠭᠳᠡᠶᠢᠴᠤᠳ ᠭᠡᠷ ᠤᠨ ᠰᠤᠷᠭᠠᠯ ᠭᠡᠷ ᠤᠨ ᠰᠤᠷᠲᠠᠯ ᠤᠨ ᠲᠤᠬᠠᠢ ᠡᠮᠡᠭᠲᠡᠶᠢᠴᠦᠳ ᠰᠢᠨ᠎ᠡ ᠲᠠᠨᠢᠯᠲᠠ ᠲᠠᠢ ᠪᠤᠯᠵᠤ  ︽ ᠬᠤᠶᠢᠰᠢᠳᠠ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ ᠡᠬᠢᠯᠡᠨ ᠬᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠨᠡᠶᠢᠭᠡᠮ ᠤᠨ ᠵᠦᠪ ᠡᠨᠧᠷᠬᠢ ᠶᠢ ᠤᠯᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠭᠡᠷ ᠪᠦᠯᠢ ᠶᠢᠨ ᠵᠣᠯ ᠵᠢᠷᠭᠠᠯ ᠪᠣᠯᠣᠨ ᠬᠡᠦᠬᠡᠳ ᠤᠨ ᠡᠷᠡᠭᠦᠯ ᠦᠰᠦᠯᠳᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠡᠬᠦᠳᠦᠨ᠂ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ  ᠶᠢᠨ ᠦᠢᠯᠡᠳᠦᠯᠭᠡᠵᠢᠭᠦᠯᠦᠭᠴᠢ ᠪᠣᠯᠣᠨ᠎ᠠ︾ ᠭᠡᠵᠦ ᠢᠯᠡᠷᠭᠡᠶᠢᠯᠡᠵᠡᠢ᠃ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠨ ᠤ ᠬᠢᠨ ᠪᠠᠰᠠ  ᠠᠬᠤᠢ ᠲᠠᠯᠠᠪᠠᠶ ᠳᠤ ᠬᠦᠷᠦᠯᠴᠡᠨ ᠢᠷᠡᠭᠰᠡᠨ ᠡᠮᠡᠭᠳᠡᠶᠢᠴᠤᠳ ᠲᠤ ᠰᠣᠷᠭᠤᠭ ᠴᠡᠴᠡᠭ ᠬᠦᠷᠭᠡᠵᠦ᠂ ᠲᠡᠳᠡᠨ ᠢᠶᠠᠷ ᠳᠠᠮᠵᠢᠭᠤᠯᠤᠨ ᠪᠦᠬᠦ ᠬᠤᠰᠢᠭᠤᠨ ᠤ ᠥᠷᠭᠡᠨ ᠣᠯᠠᠨ ᠡᠬᠡᠴᠤᠤᠯ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号