5 ᠰᠠᠷ᠎ᠠ ᠶᠢᠨ 10 ᠤ ᠡᠳᠦᠷ᠂ ᠰᠢᠩ ᠹᠦ᠋ ᠰᠢᠶᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠᠳᠤᠳᠬᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂ | ᠨᠢᠭᠡᠳᠦᠮᠡᠯ ᠹᠷᠣᠨᠲ ᠤᠨ ᠭᠡᠰᠢᠭᠦᠨ ᠸᠠᠩ ᠸᠧᠨ ᠵᠢᠩ᠂ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ ᠳ᠋ᠦ᠋ ᠡᠯ | ᠧ᠂ ᠡᠯ᠎ᠡ ᠲᠣᠰᠬᠤᠨ ᠤ ᠡᠮᠡᠭᠲᠡᠶᠢᠴᠦᠳ ᠤᠨ ᠬᠤᠯᠪᠤᠭᠠᠨ ᠤ ᠡᠷᠬᠢᠯᠡᠭᠴᠢ ᠨᠠᠷ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠸᠠᠩ ᠸᠧᠨ ᠵᠢᠩ ᠠᠴᠠ ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠦᠵᠡᠯ ᠰᠠᠨᠠᠭ᠎ᠠ᠂ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ | ᠹᠷᠣᠨᠲ ᠤᠨ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠨᠠᠮ ᠤᠨ ᠦᠨᠳᠦᠰᠦᠲᠡᠨ ᠤ ᠤᠨᠤᠯ᠂ ᠲᠦᠷᠦ ᠶᠢᠨ | ᠪᠣᠳᠣᠯᠭ᠎ᠠ᠂ ᠬᠠᠤᠯᠢ ᠲᠦᠷᠢᠮ ᠢ ᠲᠠᠭᠠᠭᠤᠯᠤᠨ ᠰᠤᠷᠤᠯᠴᠠᠵᠠᠢ᠃ ᠳᠠᠷᠠᠭᠠᠴᠢ ᠶᠢᠨ ᠠᠯᠬᠤᠮ ᠳᠤ᠂ ᠰᠢᠩ ᠹᠦ᠋ | ᠰᠢᠶᠠᠩ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠭᠤᠣᠯ ᠱᠤᠭᠤᠮ ᠤᠨ ᠲᠤᠭᠤᠷᠢᠨ ᠳᠤ ᠦᠨᠳᠦᠰᠦᠲᠡᠨ ᠤ ᠠᠵᠢᠯ ᠢ ᠡᠯ᠎ᠡ ᠲᠦᠷᠦᠯ ᠤᠨ ᠠᠵᠢᠯ ᠤᠨ ᠲᠤᠮᠳᠠ | ᠲᠤᠤᠱᠯᠠᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠨᠢᠭᠡ | ᠵᠦᠢᠯ ᠤᠨ ᠦᠨᠳᠦᠰᠦᠨ ᠴᠢᠨᠠᠷᠲᠠᠢ᠂ ᠣᠷᠳᠣ ᠬᠤᠭᠤᠴᠠᠭᠠᠨ ᠤ ᠴᠢᠨᠠᠷᠲᠠᠢ ᠠᠵᠢᠯ ᠪᠤᠯᠭᠠᠵᠤ ᠴᠢᠩᠭ᠎ᠠ ᠠᠳᠬᠤᠨ᠂ | ᠠᠴᠢᠶᠠᠯᠠᠪᠤᠷᠢ ᠶᠢ ᠪᠣᠳᠠᠲᠠᠶᠢᠵᠢᠭᠤᠯᠬᠤ᠂ ᠠᠷᠭ᠎ᠠ ᠮᠠᠶ᠋ᠢᠭ ᠢ ᠰᠢᠨᠡᠴᠢᠯᠡᠬᠦ ᠳᠡᠭᠡᠷ᠎ᠡ ᠬᠦᠴᠦ ᠲᠠᠯᠪᠢᠵᠤ᠂ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠲᠠᠰᠤᠷᠠᠯᠲᠠ ᠦᠭᠡᠢ | ᠪᠤᠳᠠᠳᠠᠶᠢᠵᠢᠭᠤᠯᠵᠤ ᠭᠦᠨᠵᠡᠭᠡᠶᠢᠷᠡᠭᠦᠯᠬᠦ ᠪᠠᠷ ᠪᠠᠶᠢᠨ᠎ᠠ᠃ |