ᠴᠠᠩᠫᠢᠩ ᠲᠣᠭᠤᠷᠢᠭ ᠤᠨ ᠱᠢ ᠰᠠᠨ ᠯᠢᠩ ᠪᠠᠯᠭᠠᠰᠤᠨ ᠤ ᠬᠢᠨ ᠯᠥᠸᠧ ᠲᠦᠸᠧ ᠱᠠᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/15
  ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠳᠤᠷᠠᠯᠴᠠᠭᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 13 ᠤ ᠡᠳᠦᠷ ᠪᠡᠭᠡᠵᠢᠩ ᠬᠤᠲᠠ ᠶᠢᠨ ᠴᠠᠩᠫᠢᠩ ᠲᠣᠭᠤᠷᠢᠭ ᠤᠨ ᠱᠢ ᠰᠠᠨ ᠯᠢᠩ ᠪᠠᠯᠭᠠᠰᠤᠨ ᠤ ᠳᠠᠷᠤᠭ᠎ᠠ ᠸᠠᠩ ᠴᠤᠸ ᠵᠡᠷᠭᠡ ᠬᠦᠮᠦᠰ ᠯᠥᠸᠧ ᠲᠦᠸᠧ ᠱᠠᠨ ᠪᠠᠯᠭᠠᠰᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠡᠢ᠃  ᠲᠠᠶᠢᠹᠤᠰᠧ ᠬᠤᠰᠢᠭᠤᠨ ᠤ ᠳᠡᠳ᠋ ᠬᠤᠰᠢᠭᠤ ᠳᠠᠷᠤᠭ᠎ᠠ ᠮᠠ ᠷᠦᠢ ᠮᠠᠨ᠂ ᠯᠥᠸᠧ ᠲᠦᠸᠧ ᠱᠠᠨ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠪᠠᠷ᠎ᠠ ᠪᠣᠯᠪᠠ᠃ ᠪᠠᠶᠢᠴᠠᠭᠠᠨ ᠰᠤᠳᠤᠯᠬᠤ ᠪᠦᠯᠬᠦᠮ ᠤᠨ ᠬᠢᠨ ᠤᠷᠢᠳ ᠬᠤᠵᠢᠳ ᠢᠦᠢ ᠵᠢᠶᠦ᠋ᠨ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ᠂ ᠯᠥᠸᠧ ᠲᠦᠸᠧ ᠱᠠᠨ ᠪᠠᠭ᠎ᠠ ᠰᠤᠷᠭᠠᠭᠤᠯᠢ ᠳᠤ ᠬᠦᠷᠴᠦ  ᠂ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠪᠣᠯᠣᠨ ᠬᠠᠪᠰᠤᠷᠤᠨ ᠲᠡᠳᠬᠦᠬᠦ ᠠᠷᠭ᠎ᠠ ᠬᠡᠮᠵᠢᠶᠡᠨ ᠤ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃  ᠶᠠᠷᠢᠯᠴᠠᠬᠤ ᠬᠤᠷᠠᠯ ᠳᠡᠭᠡᠷ᠎ᠡ᠂  ᠯᠥᠸᠧ ᠲᠦᠸᠧ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠭᠠᠲᠤᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠠᠵᠢᠯ  ᠬᠠᠪᠰᠤᠷᠤᠨ ᠲᠡᠳᠬᠦᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠬᠠᠷᠢᠭᠤ ᠮᠡᠳᠡᠭᠦᠯᠦᠭᠰᠡᠨ ᠪᠥᠭᠡᠳ ᠱᠢ ᠰᠠᠨ ᠯᠢᠩ ᠪᠠᠯᠭᠠᠰᠤᠨ ᠤ ᠦᠵᠡᠭᠦᠯᠦᠭᠰᠡᠨ ᠬᠠᠯᠠᠮᠵᠢ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃ ᠪᠠᠶᠢᠴᠠᠭᠠᠨ ᠰᠤᠳᠤᠯᠬᠤ  ᠪᠦᠯᠬᠦᠮ ᠤᠨ ᠬᠢᠨ ᠬᠠᠪᠰᠤᠷᠤᠨ ᠲᠡᠳᠬᠦᠬᠦ ᠠᠵᠢᠯ ᠤᠨ ᠠᠬᠢᠴᠠ ᠶᠢ ᠭᠦᠢᠴᠡᠳ ᠨᠤᠳᠠᠯᠠᠭᠰᠠᠨ ᠤ ᠬᠠᠮᠲᠤ᠂  ᠪᠣᠳᠠᠲᠤ ᠪᠠᠶᠢᠳᠠᠯ ᠲᠠᠢ ᠤᠶᠠᠯᠳᠤᠭᠤᠯᠵᠤ ᠬᠠᠨᠳᠤᠯᠭᠠᠲᠤ ᠴᠢᠨᠠᠷᠲᠠᠢ ᠰᠠᠨᠠᠯ  ᠰᠠᠨᠠᠭᠤᠯᠭ᠎ᠠ ᠪᠠᠨ ᠲᠤᠷᠠᠳᠴᠠᠢ᠃  ᠡᠨᠡ ᠤᠳᠠᠭᠠᠨ ᠤ ᠪᠠᠶᠢᠴᠠᠭᠠᠨ ᠰᠤᠳᠤᠯᠤᠯᠲᠠ ᠳᠤ᠂ ᠱᠢ ᠰᠠᠨ ᠯᠢᠩ ᠪᠠᠯᠭᠠᠰᠤ ᠨᠢ ᠯᠥᠸᠧ ᠲᠦᠸᠧ ᠱᠠᠨ ᠪᠠᠯᠭᠠᠰᠤ   ᠲᠠᠢ ᠬᠠᠮᠵᠢᠯᠴᠠᠨ ᠲᠡᠳᠬᠦᠬᠦ ᠬᠡᠯᠡᠯᠴᠡᠭᠡᠷ ᠲᠣᠭᠲᠠᠵᠤ᠂ ᠯᠥᠸᠧ ᠲᠦᠸᠧ ᠱᠠᠨ ᠪᠠᠯᠭᠠᠰᠤ ᠳᠤ 55 ᠲᠦᠮᠡᠨ ᠲᠥᠭᠦᠷᠢᠭ ᠤᠨ ᠪᠡᠯᠡ ᠮᠥᠩᠭᠦ  ᠬᠠᠨᠳᠢᠪᠯᠠᠭᠰᠠᠨ ᠪᠥᠭᠡᠳ ᠨᠢᠬᠡ ᠪᠦᠯᠦᠭ ᠨᠣᠮ ᠪᠢᠴᠢᠭ ᠢ ᠲᠤᠷᠠᠰᠬᠠᠨ ᠪᠡᠯᠡᠭᠯᠡᠪᠡ᠃  ᠳᠠᠷᠠᠭᠠᠴᠢ ᠶᠢᠨ ᠠᠯᠬᠤᠮ ᠳᠤ᠂  ᠯᠥᠸᠧ ᠲᠦᠸᠧ ᠱᠠᠨ ᠪᠠᠯᠭᠠᠰᠤᠨ ᠤ ᠬᠢᠨ ᠠᠵᠠ ᠲᠣᠬᠢᠶᠠᠯ ᠢ ᠭᠦᠢᠴᠡᠳ ᠠᠰᠢᠭᠯᠠᠨ᠂ ᠪᠦᠬᠦ ᠲᠠᠯ᠎ᠠ ᠪᠠᠷ  ᠬᠠᠮᠵᠢᠯᠴᠠᠬᠤ ᠪᠠᠨ ᠴᠢᠩᠭᠠᠳᠬᠠᠵᠤ᠂ ᠬᠠᠪᠰᠤᠷᠤᠨ ᠲᠡᠳᠬᠦᠬᠦ ᠪᠡᠯᠡ ᠮᠥᠩᠭᠦ ᠶᠢᠨ ᠦᠷ᠎ᠡ ᠠᠰᠢᠭ ᠢ ᠶᠡᠭᠡᠰᠭᠡᠨ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ  ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠨᠡᠩ ᠪᠦᠳᠦᠮᠵᠢᠳᠡᠢ ᠵᠤᠯᠭᠠᠭᠤᠯᠵᠤ᠂  ᠬᠠᠪᠰᠤᠷᠤᠨ ᠲᠡᠳᠬᠦᠬᠦ ᠠᠵᠢᠯ ᠤᠨ ᠦᠷ᠎ᠡ ᠠᠮᠵᠢᠯᠳᠠ ᠪᠠᠷ ᠨᠡᠩ ᠤᠯᠠᠨ ᠠᠷᠠᠳ ᠢᠷᠭᠡᠳ ᠲᠤ ᠠᠰᠢᠭ ᠬᠦᠷᠳᠡᠭᠡᠬᠦ ᠪᠠᠷ ᠪᠠᠶᠢᠨ᠎ᠠ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号