5 ᠰᠠᠷ᠎ᠠ ᠶᠢᠨ 15 ᠤ ᠡᠳᠦᠷ ᠪᠣᠯ ᠳᠡᠯᠡᠬᠡᠢ ᠶᠢᠨ ᠭᠡᠷ ᠪᠦᠯᠢ ᠶᠢᠨ ᠡᠳᠦᠷ ᠪᠣᠯᠣᠨ᠎ᠠ᠃ ᠲᠠᠶᠢᠹᠤᠰᠧ | ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠡᠬᠡ ᠨᠢᠯᠬᠠᠰ ᠤᠨ ᠡᠷᠡᠭᠦᠯᠵᠢᠯ ᠪᠠ | ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠰᠠᠶᠢᠨ | ᠰᠠᠶᠢᠬᠠᠨ ᠭᠡᠷ ᠤᠨ ᠰᠤᠷᠲᠠᠯ ᠢ ᠲᠦᠭ ᠲᠦᠮᠡᠨ ᠡᠷᠦᠬᠡ ᠳᠤ ᠲᠦᠭᠡᠮᠡᠯᠵᠢᠬᠦᠯᠬᠦ︾ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠦᠷᠨᠢᠬᠦᠯᠵᠡᠢ᠃ ᠠᠵᠢᠯᠯᠠᠭᠠᠨ ᠤ ᠳᠤᠮᠳᠠ᠂ ᠬᠤᠰᠢᠭᠤᠨ ᠤ ᠨᠢᠭᠡᠳᠦᠮᠡᠯ ᠹᠷᠣᠨᠲ ᠤᠨ | ᠬᠡᠯᠲᠡᠰ ᠤᠨ ᠳᠡᠳ᠋ ᠳᠠᠷᠤᠭ᠎ᠠ ᠳ᠋ᠤᠸᠠᠨ ᠯᠢ ᠨᠠ ᠠᠴᠠ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ | ᠲᠦᠷᠢᠮ ᠢ ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠺᠠᠳ᠋ᠷ ᠠᠵᠢᠯᠳᠠᠨ ᠤ ᠱᠠᠰᠢᠨ ᠰᠤᠷᠲᠠᠬᠤᠨ ᠤ | ᠠᠵᠢᠯ ᠤᠨ ᠲᠤᠬᠠᠢ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠴᠢᠩᠭᠠᠳᠬᠠᠨ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠢ ᠬᠠᠪᠰᠤᠷᠤᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ | ᠬᠠᠤᠯᠢ ᠲᠦᠷᠢᠮ ᠢ ᠣᠶᠢᠯᠠᠭᠠᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ᠂ ᠨᠡᠶᠢᠭᠡᠮ ᠤᠨ | ᠠᠮᠤᠷ ᠲᠣᠭᠲᠠᠭᠤᠨ ᠢ ᠬᠠᠮᠠᠭᠠᠯᠠᠬᠤ ᠳᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠣᠷᠣᠨ ᠤ ᠲᠠᠰ ᠤᠨ ︽ | ᠪᠣᠯᠪᠠᠰᠤᠨ ᠭᠡᠷ ᠪᠦᠯᠢ︾ ᠶᠢᠨ ᠲᠥᠯᠥᠭᠡᠯᠡᠭᠴᠢ ᠯᠢ ᠶᠠ ᠵᠢᠤᠸᠠᠨ ᠠᠴᠠ ᠭᠡᠷ ᠵᠠᠭᠤᠷ᠎ᠠ ᠪᠠᠨ ᠬᠠᠷᠢᠯᠴᠠᠨ ᠬᠠᠶᠢᠷᠠᠯᠠᠵᠤ | ᠬᠦᠨᠳᠦᠯᠡᠬᠦ᠂ ᠨᠠᠰᠤᠲᠠᠨ ᠢᠶᠠᠨ ᠠᠴᠢᠯᠠᠵᠤ ᠨᠢᠯᠬᠠᠰ ᠢᠶᠠᠨ ᠬᠠᠷᠠᠭᠠᠯᠵᠠᠬᠤ ᠵᠢᠴᠢ ᠬᠠᠯᠠᠭᠤᠨ ᠰᠡᠳᠬᠢᠯ ᠢᠶᠠᠷ ᠪᠤᠰᠤᠳ ᠢ | ᠬᠠᠪᠰᠤᠷᠬᠤ ᠭᠡᠷ ᠤᠨ ᠰᠤᠷᠲᠠᠯ ᠤᠨ ᠥᠯᠢᠭᠡᠷ ᠢ ᠪᠡᠶ᠎ᠡ ᠪᠠᠷ ᠢᠶᠠᠨ ᠶᠠᠷᠢᠵᠤ᠂ ᠰᠠᠶᠢᠨ ᠰᠠᠶᠢᠬᠠᠨ ᠭᠡᠷ ᠤᠨ ᠰᠤᠷᠲᠠᠯ ᠢ | ᠰᠤᠷᠳᠠᠯᠴᠢᠯᠠᠨ᠂ ᠡᠬᠡ ᠨᠢᠯᠬᠠᠰ ᠤᠨ ᠡᠷᠡᠬᠦᠯᠵᠢᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠤᠨ | ᠡᠮᠴᠢ ᠸᠠᠩ ᠱᠤ᠋ ᠫᠢᠩ ᠠᠴᠠ ᠵᠥᠪ ᠣᠨᠣᠪᠴᠢᠲᠠᠢ ᠡᠷᠡᠭᠦᠯᠵᠢᠯ ᠰᠤᠪᠢᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ | ᠡᠷᠡᠭᠦᠯ ᠮᠡᠨᠳᠦ ᠶᠢᠨ ᠣᠶᠢᠯᠠᠭᠠᠭᠳᠠᠬᠤᠨ ᠪᠠ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠤᠯᠠᠮᠵᠢᠯᠠᠨ᠂ ᠥᠪᠥᠷ | ᠮᠣᠩᠭᠤᠯ ᠤᠨ ᠾᠧ ᠶᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠯᠢ ᠵᠧᠨ ᠰᠢᠶᠠ ᠠᠴᠠ ︽ | ᠢᠷᠭᠡᠨ ᠤ ᠬᠠᠤᠯᠢ ᠶᠢᠨ ᠪᠢᠴᠢᠭ︾ ᠲᠤ ᠬᠤᠯᠪᠣᠭᠳᠠᠭᠰᠠᠨ ᠭᠡᠷ ᠪᠦᠯᠢ᠂ ᠥᠪ ᠬᠦᠷᠦᠩᠭᠡ᠂ ᠡᠷᠬᠡ ᠠᠰᠢᠭ ᠤᠨ | ᠬᠠᠮᠠᠭᠠᠯᠠᠯᠳᠠ ᠵᠡᠷᠭᠡ ᠲᠠᠯ᠎ᠠ ᠶᠢᠨ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠵᠦ᠂ ︽ᠢᠷᠭᠡᠨ ᠤ ᠬᠠᠤᠯᠢ ᠶᠢᠨ ᠪᠢᠴᠢᠭ︾ | ᠤᠨ ᠬᠤᠯᠪᠣᠭᠳᠠᠯ ᠪᠦᠬᠦᠢ ᠠᠭᠤᠯᠭ᠎ᠠ ᠪᠠ ᠬᠠᠤᠯᠢ ᠲᠣᠭᠲᠠᠭᠠᠬᠤ ᠵᠣᠷᠢᠭ ᠰᠠᠨᠠᠭ᠎ᠠ ᠶᠢ ᠠᠷᠠᠳ ᠢᠷᠭᠡᠳ ᠲᠤ ᠨᠠᠩ | ᠭᠦᠨᠵᠡᠭᠡᠢ ᠤᠶᠢᠯᠠᠭᠠᠭᠤᠯᠤᠭᠰᠠᠨ ᠪᠠᠶᠢᠨ᠎ᠠ᠃ ᠤᠬᠠᠭᠤᠯᠭ᠎ᠠ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠠᠯᠪᠠᠨ | ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨ᠎ᠡ ᠲᠥᠯᠥᠪᠦᠷᠢ ᠦᠭᠡᠢ ᠪᠠᠷ ᠴᠢᠰᠤᠨ ᠳᠠᠷᠤᠯᠲᠠ᠂ | ᠴᠢᠰᠤᠨ ᠰᠢᠬᠢᠷ ᠤᠨ ᠬᠡᠮᠵᠢᠯᠳᠡ ᠵᠡᠷᠭᠡ ᠶᠢ ᠬᠢᠭᠰᠡᠨ ᠪᠦᠭᠡᠳ ᠡᠮ ᠡᠮᠨᠡᠯᠭᠡ ᠶᠢᠨ ᠲᠠᠯᠠᠪᠠᠷ ᠵᠥᠪᠯᠡᠯᠭᠡ ᠦᠭᠴᠡᠢ᠃ |