ᠲᠠᠶᠢᠹᠤᠰᠧ ᠬᠤᠰᠢᠭᠤ  ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠤᠬᠠᠭᠤᠯᠭ᠎ᠠ ᠬᠢᠭᠰᠡᠨ
ᠨᠡᠶᠢᠲᠡᠯᠡᠭᠰᠡᠨ ᠴᠠᠭ᠄
2023/5/16
  5 ᠰᠠᠷ᠎ᠠ ᠶᠢᠨ 15 ᠤ ᠡᠳᠦᠷ ᠪᠣᠯ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠤᠬᠠᠭᠤᠯᠭ᠎ᠠ ᠶᠢᠨ ᠡᠳᠦᠷ ᠪᠤᠯᠤᠨ᠎ᠠ᠃ ᠠᠷᠠᠳ ᠣᠯᠠᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠢᠯᠭᠠᠨ ᠲᠠᠨᠢᠵᠤ ᠰᠡᠷᠭᠡᠶᠢᠯᠡᠨ ᠬᠤᠷᠢᠭᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠲᠣᠰ ᠪᠡᠶ᠎ᠡ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠪᠠᠩᠬᠢ ᠲᠠᠢ ᠬᠠᠮᠲᠤᠷᠠᠨ ︽ᠠᠷᠠᠳ ᠤᠯᠠᠨ ᠲᠠᠢ ᠰᠡᠳᠬᠢᠯ ᠨᠢᠬᠡᠳᠴᠦ᠂  ᠶᠠᠯᠠᠳᠤ ᠭᠡᠷᠡᠭ ᠢ ᠰᠡᠷᠭᠡᠶᠢᠯᠡᠨ ᠬᠤᠷᠢᠭᠯᠠᠬᠤ  ︾  ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃  ᠠᠵᠢᠯᠲᠠᠳ ᠲᠤᠬᠠᠢ ᠶᠢᠨ ᠲᠠᠯᠠᠪᠠᠶ ᠳᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠪᠢᠴᠢᠭᠡᠰᠦ ᠡᠯᠭᠦᠬᠦ ᠵᠡᠷᠭᠡ ᠠᠷᠭ᠎ᠠ ᠬᠡᠯᠪᠡᠷᠢ ᠪᠠᠷ ᠦᠷᠭᠦᠯᠵᠢ ᠲᠣᠬᠢᠶᠠᠯᠳᠤᠳᠠᠭ ᠠᠵᠤ ᠠᠬᠤᠢ ᠶᠢᠨ ᠶᠠᠯᠠᠲᠤ  ᠠᠵᠢᠯᠯᠠᠭᠠᠨ ᠤ ᠠᠷᠭ᠎ᠠ ᠪᠠᠷᠢᠯ ᠪᠠ ᠠᠶᠤᠯ ᠬᠥᠨᠥᠭᠡᠯ ᠢ ᠢᠯᠡᠴᠢᠯᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠬᠠᠭᠤᠷᠮᠠᠭ ᠵᠣᠭᠤᠰ ᠦᠢᠯᠡᠳᠴᠦ ᠭᠡᠷᠡᠭᠯᠡᠬᠦ ᠵᠡᠷᠭᠡ  ᠬᠠᠤᠯᠢ ᠪᠤᠰᠤ ᠶᠠᠯᠠᠲᠤ ᠠᠵᠢᠯᠯᠠᠭ᠎ᠠ ᠶᠢᠨ ᠣᠨᠴᠠᠯᠢᠭ ᠢ  ᠭᠤᠣᠯᠳᠠᠯᠭ᠎ᠠ ᠲᠠᠢ ᠪᠠᠷ ᠤᠬᠠᠭᠤᠯᠵᠤ᠂ ᠡᠯ᠎ᠡ ᠵᠦᠢᠯ ᠤᠨ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠦᠨᠳᠦᠰᠦᠨ ᠠᠷᠭ᠎ᠠ ᠪᠠᠷᠢᠯ ᠢ ᠲᠠᠶᠢᠯᠪᠤᠷᠢᠯᠠᠨ᠂ ᠮᠡᠭᠡᠯᠡᠯ ᠠᠴᠠ ᠵᠠᠶᠢᠳᠠᠵᠤ᠂  ︽ᠵᠣᠭᠤᠰᠤᠨ ᠪᠣᠭᠴᠣ︾ ᠪᠠᠨ ᠰᠠᠶᠢᠨ ᠬᠠᠮᠠᠭᠠᠯᠠᠬᠤ  ᠭᠡᠷᠡᠭᠳᠡᠢ ᠬᠡᠵᠦ ᠤᠯᠠᠨ ᠲᠦᠮᠡᠨ ᠳᠤ ᠰᠠᠨᠠᠭᠤᠯᠪᠠ᠃ ᠡᠨᠡ  ᠤᠳᠠᠭᠠᠨ ᠤ  ᠠᠵᠢᠯᠯᠠᠭ᠎ᠠ  ᠨᠢ ᠲᠠᠶᠢᠹᠤᠰᠧ ᠬᠤᠰᠢᠭᠤᠨ ᠤ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ  ᠪᠠᠳᠤ ᠵᠣᠷᠢᠭ ᠢ ᠬᠠᠷᠠᠭᠤᠯᠤᠭᠰᠠᠨ ᠤ ᠬᠠᠮᠳᠤ᠂ ᠠᠷᠠᠳ ᠣᠯᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠮᠡᠬᠡᠯᠡᠯ  ᠠᠴᠠ ᠰᠡᠷᠭᠡᠶᠢᠯᠡᠬᠦ ᠦᠵᠡᠯ ᠤᠬᠠᠮᠰᠠᠷ ᠢ  ᠤᠯᠠᠮ ᠨᠢᠬᠡ ᠠᠯᠬᠤᠮ ᠴᠢᠩᠭᠠᠳᠬᠠᠭᠰᠠᠨ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号