5 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ︽ᠵᠣᠷᠯᠣᠩ ᠤᠨ ᠥᠭᠡᠷᠡᠴᠢᠯᠡᠯᠲᠡ︾ ᠶᠢᠨ | ᠲᠤᠰᠬᠠᠢ ᠮᠡᠷᠭᠡᠵᠢᠯᠲᠡᠨ ᠸᠠᠩ ᠼᠦᠨ ᠰᠢᠨ ᠫᠷᠣᠹᠧᠰᠰᠣᠷ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠬᠥᠳᠡᠭᠡ | ᠲᠣᠰᠬᠤᠨ ᠤ ︽ᠵᠣᠷᠯᠣᠩ ᠤᠨ ᠦᠭᠡᠷᠡᠴᠢᠯᠡᠯᠳᠡ︾ ᠶᠢᠨ ᠲᠤᠬᠠᠢ ᠰᠢᠨᠵᠢᠯᠡᠨ ᠪᠠᠶᠢᠴᠠᠭᠠᠵᠤ ᠵᠢᠭᠠᠨ ᠵᠢᠯᠤᠭᠤᠳᠴᠠᠢ᠃ | ᠸᠠᠩ ᠼᠦᠨ ᠰᠢᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠳᠡᠳ᠋ | ᠳᠠᠷᠤᠭ᠎ᠠ ᠵᠠᠩ ᠵᠢᠶᠠᠨ ᠵᠢᠶᠦ᠋ᠨ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠪᠴᠢᠶᠠᠨ ᠤ ᠤᠳᠤᠷᠢᠳᠬᠤ ᠪᠠᠭ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠴᠢᠶᠠᠨ ᠶᠢᠨ ᠭᠧᠦ ᠪᠠᠯᠭᠠᠰᠤᠨ | ᠤ ᠳ᠋ᠠ ᠭᠧ ᠳ᠋ᠦᠩ ᠲᠣᠰᠬᠤᠨ᠂ ᠴᠠᠪ ᠨᠠᠭᠤᠷ ᠲᠣᠰᠬᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠤ ︽ | ᠵᠣᠷᠯᠣᠩ ᠤᠨ ᠦᠬᠡᠷᠡᠴᠢᠯᠡᠯᠳᠡ︾ ᠶᠢᠨ ᠲᠤᠬᠠᠢ ᠪᠠᠶᠢᠴᠠᠭᠠᠨ ᠵᠢᠯᠣᠭᠤᠳᠪᠠ᠃ ᠳ᠋ᠠ ᠭᠧ ᠳ᠋ᠦᠩ ᠲᠣᠰᠬᠤᠨ ᠳᠤ | ᠬᠦᠷᠦᠭᠡᠳ᠂ ᠤᠰᠤᠨ ᠵᠣᠷᠯᠣᠩ᠂ ᠬᠠᠭᠤᠷᠠᠢ ᠵᠣᠷᠯᠣᠩ ᠤᠨ ᠪᠦᠲᠦᠭᠡᠨ ᠪᠠᠶᠢᠭᠤᠯᠤᠯᠲᠠ ᠪᠠ ᠠᠰᠢᠭᠯᠠᠯᠳᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠯᠠᠨ ᠲᠦᠮᠡᠨ ᠤ ᠠᠰᠢᠭ ᠬᠦᠷᠳᠡᠮᠵᠢ᠂ | ᠬᠠᠨᠤᠮᠵᠢ ᠶᠢᠨ ᠬᠡᠮᠵᠢᠶ᠎ᠡ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠨᠢᠮᠪᠠᠢ ᠠᠰᠠᠭᠤᠨ ᠯᠠᠪᠯᠠᠭᠰᠠᠨ ᠪᠥᠭᠡᠳ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶᠠᠨ ᠤ ᠤᠳᠤᠷᠢᠳᠤᠯᠭ᠎ᠠ᠂ ᠪᠠᠯᠭᠠᠰᠤ ᠲᠣᠰᠬᠤᠨ ᠤ | ᠺᠠᠳ᠋ᠷᠴᠤᠳ ᠲᠠᠢ ᠵᠣᠷᠯᠣᠩ ᠤᠨ ᠦᠬᠡᠷᠡᠴᠢᠯᠡᠯᠳᠡ ᠶᠢᠨ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃ ᠴᠠᠪ ᠨᠠᠭᠤᠷ | ᠲᠣᠰᠬᠤᠨ ᠳᠤ ᠬᠦᠷᠦᠭᠡᠳ᠂ ᠡᠷᠦᠬᠡ ᠶᠢᠨ ᠵᠤᠷᠯᠤᠩ ᠤᠨ ᠬᠥᠯᠳᠡᠬᠦ ᠠᠴᠠ ᠰᠡᠷᠭᠡᠶᠢᠯᠡᠬᠦ ᠲᠦᠬᠦᠭᠡᠷᠦᠮᠵᠢ ᠶᠢᠨ | ᠤᠭᠰᠠᠷᠠᠵᠤ ᠭᠡᠷᠡᠭᠯᠡᠭᠰᠡᠨ ᠪᠠᠶᠢᠳᠠᠯ ᠢ ᠤᠶᠢᠯᠠᠭᠠᠵᠤ᠂ ᠲᠥᠬᠦᠭᠡᠷᠦᠮᠵᠢ ᠶᠢᠨ ᠦᠨ᠎ᠡ ᠦᠷᠳᠡᠭ᠂ ᠰᠢᠢᠳᠪᠦᠷᠢᠯᠡᠬᠦ ᠤᠷ᠎ᠠ | ᠮᠡᠷᠭᠡᠵᠢᠯ ᠪᠠ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠲᠤᠳᠤᠷᠬᠠᠢ ᠠᠰᠠᠭᠤᠨ ᠯᠠᠪᠯᠠᠭᠰᠠᠨ ᠤ ᠬᠠᠮᠲᠤ᠂ ᠪᠠᠯᠭᠠᠰᠤ | ᠲᠣᠰᠬᠤᠨ ᠤ ᠺᠠᠳ᠋ᠷ ᠯᠤᠭ᠎ᠠ ᠰᠠᠨᠠᠯ ᠪᠤᠳᠤᠯ ᠪᠠ ᠠᠷᠭ᠎ᠠ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃ ᠪᠠᠶᠢᠴᠠᠭᠠᠨ | ᠵᠢᠯᠤᠭᠤᠳᠬᠤ ᠶᠠᠪᠤᠴᠠ ᠳᠤ᠂ ᠸᠠᠩ ᠼᠦᠨ ᠰᠢᠨ ᠲᠠᠶᠢᠹᠤᠰᠧ ᠬᠤᠰᠢᠭᠤᠨ ᠤ ︽ᠵᠣᠷᠯᠣᠩ ᠤᠨ ᠦᠬᠡᠷᠡᠴᠢᠯᠡᠯᠳᠡ︾ | ᠶᠢᠨ ᠠᠵᠢᠯ ᠢ ᠯᠠᠪᠳᠠᠭᠤᠨ ᠢᠶᠠᠷ ᠠᠬᠢᠭᠤᠯᠤᠭᠰᠠᠨ ᠢ ᠨᠤᠲᠠᠯᠠᠵᠤ᠂ ᠵᠠᠷᠢᠮ ᠮᠡᠷᠭᠡᠵᠢᠯ ᠤᠨ ᠠᠰᠠᠭᠤᠳᠠᠯ ᠳᠤ ᠰᠠᠨᠠᠯ | ᠰᠠᠨᠠᠭᠤᠯᠭ᠎ᠠ ᠪᠠᠨ ᠲᠤᠷᠠᠳᠤᠭᠰᠠᠨ ᠪᠦᠭᠡᠳ ᠵᠤᠷᠯᠤᠩ ᠤᠨ ᠦᠬᠡᠷᠡᠴᠢᠯᠡᠯᠳᠡ ᠶᠢᠨ ᠶᠠᠪᠤᠴᠠ ᠶᠢ ᠳᠦᠷᠢᠮᠵᠢᠭᠦᠯᠵᠦ᠂ | ᠪᠠᠷᠢᠮᠵᠢᠶ᠎ᠠ ᠶᠢ ᠴᠢᠩᠳᠠᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ | ᠬᠥᠲᠥᠯᠥᠨ ᠵᠢᠯᠤᠭᠤᠳᠴᠤ ᠪᠠᠶᠢᠭᠠᠳ᠂ ︽ᠨᠢᠭᠡ ᠶᠢ ᠪᠠᠶᠢᠭᠤᠯᠪᠠᠯ ᠨᠢᠭᠡ ᠶᠢ ᠭᠡᠷᠡᠭᠯᠡᠬᠦ ︾ ᠶᠢ ᠪᠠᠳᠤᠯᠠᠨ᠂ ᠤᠯᠠᠨ | ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠵᠦ ᠱᠠᠭᠠᠷᠳᠠᠪᠠ᠃ |