ᠬᠦᠨᠪᠤᠯᠠᠭ ᠰᠤᠮᠤ  ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠰᠬᠠᠢ ᠰᠡᠳᠦᠪᠲᠦ ᠰᠤᠷᠤᠯᠴᠠᠯᠭ᠎ᠠ ᠡᠷᠬᠢᠯᠡᠭᠰᠡᠨ
ᠨᠡᠶᠢᠲᠡᠯᠡᠭᠰᠡᠨ ᠴᠠᠭ᠄
2023/5/16
  ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠶᠢ ᠬᠦᠨᠵᠡᠬᠡᠶᠢᠷᠡᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠳᠤᠳᠬᠠᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ ᠬᠦᠨᠪᠤᠯᠠᠭ ᠰᠤᠮᠤ   ᠨᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂  ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ  ᠴᠢᠮᠡᠭᠰᠡᠨ ᠬᠤᠷᠠᠯ ᠢ ᠡᠷᠭᠢᠯᠡᠵᠦ᠂ ᠡᠯ᠎ᠡ ᠭᠠᠴᠠᠭᠠᠨ ᠤ ᠨᠢᠭᠡᠳᠦᠭᠡᠷ ᠱᠦᠵᠢ᠂ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠦᠷᠢᠮ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾  ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠵᠡᠷᠭᠡ ᠬᠠᠤᠯᠢ ᠳᠦᠷᠢᠮ ᠤᠨ ᠠᠭᠤᠯᠭ᠎ᠠ ᠶᠢ ᠰᠤᠷᠤᠯᠴᠠᠪᠠ᠃  ᠡᠨᠡ ᠤᠳᠠᠭᠠᠨ ᠤ ᠰᠤᠷᠤᠯᠴᠠᠯᠭ᠎ᠠ ᠪᠠᠷ ᠲᠠᠮᠵᠢᠭᠠᠳ᠂  ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠦᠷᠢᠮ ᠤᠨ ᠲᠤᠬᠠᠢ ᠨᠠᠮ ᠤᠨ ᠭᠡᠰᠢᠭᠦᠨ ᠺᠠᠳ᠋ᠷᠴᠤᠳ ᠤᠨ ᠣᠶᠢᠯᠠᠭᠠᠯᠲᠠ ᠶᠢ ᠤᠯᠠᠮ ᠴᠢᠩᠭᠠᠳᠬᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠢᠷᠢ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠷᠢᠭᠤᠴᠠᠯᠭᠠᠲᠤ ᠰᠡᠳᠬᠢᠯᠭᠡ ᠶᠢ ᠦᠨᠡᠨᠬᠦ ᠴᠢᠩᠭᠠᠷᠠᠭᠤᠯᠵᠠᠢ᠃ ᠳᠠᠷᠠᠭᠠᠴᠢ ᠶᠢᠨ ᠠᠯᠬᠤᠮ ᠳᠤ᠂  ᠬᠦᠨᠪᠤᠯᠠᠭ ᠰᠤᠮᠤ ᠨᠢ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠠᠷ ᠠᠵᠠ ᠲᠣᠬᠢᠶᠠᠯ ᠪᠤᠯᠭᠠᠨ᠂ ᠠᠭᠤᠯᠭ᠎ᠠ ᠪᠠᠷ ᠪᠠᠶᠠᠨ᠂ ᠬᠡᠯᠪᠡᠷᠢ ᠪᠠᠷ ᠤᠯᠠᠨ ᠦᠨᠳᠦᠰᠦᠲᠡᠨ ᠤ ᠲᠦᠷᠦ ᠶᠢᠨ ᠪᠣᠳᠣᠯᠭ᠎ᠠ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号