ᠯᠦᠸᠧ ᠲᠦᠸᠧ ᠱᠠᠨ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠢᠭᠰᠡᠨ
ᠨᠡᠶᠢᠲᠡᠯᠡᠭᠰᠡᠨ ᠴᠠᠭ᠄
2023/5/16
  5 ᠰᠠᠷ᠎ᠠ ᠶᠢᠨ 15  ᠤ ᠡᠳᠦᠷ  ᠯᠥᠸᠧ ᠲᠦᠸᠧ ᠱᠠᠨ ᠪᠠᠯᠭᠠᠰᠤ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠦ᠋ ᠲᠤᠤ ᠬᠤᠷᠠᠯ ᠢ ᠡᠷᠬᠢᠯᠡᠨ᠂ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ᠂  ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠠᠩᠰᠠ ᠮᠡᠳᠡᠭᠦᠯᠦᠭᠴᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠨᠠᠷ ᠬᠤᠷᠠᠯ ᠳᠤ ᠣᠷᠣᠯᠴᠠᠪᠠ᠃ ᠦ᠋ ᠲᠤᠸ ᠬᠤᠷᠠᠯ ᠤᠨ ᠶᠠᠷᠢᠶᠠᠨ ᠳᠠᠭᠠᠨ  ᠂ ᠨᠢᠭᠡ ᠳᠤ ᠵᠥᠷᠢᠴᠡᠯ ᠵᠢᠭᠤᠷᠠᠭᠠᠨ ᠢ ᠵᠢᠭᠰᠠᠭᠠᠨ ᠪᠠᠶᠢᠴᠠᠭᠠᠭᠰᠠᠨ ᠲᠠᠩᠰᠠ ᠡᠪᠬᠡᠮᠡᠯ ᠢ ᠪᠠᠶᠢᠭᠤᠯᠵᠤ᠂ ᠰᠠᠷ᠎ᠠ ᠪᠦᠷᠢ ᠳᠡᠭᠡᠭᠰᠢ ᠮᠡᠳᠡᠭᠦᠯᠦᠨ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂  ᠵᠦᠷᠢᠴᠡᠯ ᠵᠢᠭᠤᠷᠠᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠂ ᠵᠥᠷᠢᠴᠡᠯ ᠢ ᠴᠤᠬᠤᠶᠢᠵᠤ ᠡᠬᠢᠯᠡᠮᠡᠭᠴᠡ ᠰᠢᠢᠳᠪᠦᠷᠢᠯᠡᠬᠦ ᠬᠡᠷᠡᠭᠲᠡᠢ᠃ ᠬᠤᠶᠠᠷ ᠲᠤ  ᠰᠢᠢᠳᠪᠦᠷᠢᠯᠡᠵᠦ  ᠨᠠᠮᠳᠠᠭᠤᠯᠤᠭᠰᠠᠨ ᠵᠥᠷᠢᠴᠡᠯ ᠵᠢᠭᠤᠷᠠᠭᠠᠨ ᠳᠤ ᠴᠢᠭᠯᠡᠬᠦᠯᠵᠦ᠂ ︽ᠡᠷᠬᠢᠨ ᠬᠠᠷᠠᠬᠤ︾ ᠠᠵᠢᠯᠯᠠᠭ᠎ᠠ  ᠶᠢ ᠲᠣᠭᠲᠠᠮᠠᠯ ᠬᠤᠭᠤᠴᠠᠭ᠎ᠠ ᠲᠠᠢ ᠦᠷᠨᠢᠬᠦᠯᠦᠨ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠢ  ᠳᠤᠨᠢ ᠡᠵᠡᠮᠰᠢᠵᠦ᠂ ᠵᠥᠷᠢᠴᠡᠯ ᠢ ᠨᠠᠮᠳᠠᠭᠤᠯᠤᠭᠰᠠᠨ ᠤ ᠳᠠᠷᠠᠭᠠᠬᠢ ᠬᠡᠷᠡᠭ ᠶᠠᠪᠤᠳᠠᠯ ᠤᠨ ᠬᠥᠭᠵᠢᠯᠲᠡ ᠶᠢᠨ ᠪᠠᠶᠢᠳᠠᠯ ᠢ ᠠᠩᠬᠠᠷᠤᠨ᠂ ᠵᠥᠷᠢᠴᠡᠯ ᠵᠢᠭᠤᠷᠠᠭᠠᠨ ᠤ ᠲᠤᠶᠢᠯᠪᠤᠷᠢᠲᠠᠢ ᠰᠢᠢᠳᠪᠦᠷᠢᠯᠡᠭᠳᠡᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ ᠡᠯ᠎ᠡ ᠲᠣᠰᠬᠤᠨ ᠤ ᠬᠢᠨ ᠠᠮᠤᠷ  ᠲᠣᠭᠲᠠᠭᠤᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠬᠠᠷᠢᠶ᠎ᠠ ᠣᠷᠣᠨ ᠢᠶᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ   ᠨᠢ ᠨᠢᠭᠡᠳᠦᠭᠡᠷ ᠬᠠᠷᠢᠭᠤᠴᠠᠯᠭᠠᠲᠠᠨ ᠪᠤᠯᠵᠤ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠰᠢᠨ ᠷᠦᠨ ᠵᠢᠶᠠᠩ ᠴᠢᠬᠤᠯᠠᠴᠢᠯᠠᠬᠤ  ᠳᠠᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠪᠦᠬᠦ ᠪᠠᠯᠭᠠᠰᠤᠨ ᠤ ᠠᠮᠤᠷ ᠲᠣᠭᠲᠠᠭᠤᠨ ᠤ ᠠᠵᠢᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠨ᠂ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠵᠤ᠂ ᠵᠥᠷᠢᠴᠡᠯ  ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠲᠤ ᠢᠯᠡᠬᠦᠦ ᠠᠩᠬᠠᠷᠤᠯ ᠲᠠᠯᠪᠢᠵᠤ᠂  ᠡᠷᠲᠡ ᠠᠴᠠ ᠪᠠᠶᠢᠴᠠᠭᠠᠬᠤ᠂ ᠡᠷᠲᠡ   ᠠᠴᠠ ᠢᠯᠡᠷᠡᠬᠦᠯᠬᠦ᠂ ᠡᠷᠲᠡ ᠠᠴᠠ ᠡᠶᠡᠳᠡᠬᠦᠯᠬᠦ᠂ ᠡᠷᠳᠡ ᠠᠴᠠ ᠰᠡᠷᠭᠡᠶᠢᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ ᠶᠡᠭᠡ ᠰᠤᠷᠪᠤᠯᠵᠢᠯᠠᠭ᠎ᠠ᠂ ᠶᠡᠭᠡ ᠪᠠᠶᠢᠴᠠᠭᠠᠯᠳᠠ᠂ ᠶᠡᠭᠡ ᠴᠡᠭᠴᠡᠯᠡᠯᠳᠡ᠂ ᠶᠡᠭᠡ ᠲᠡᠭᠡᠭᠰᠢᠯᠡᠯᠳᠡ︾ ᠶᠢᠨ  ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠬᠠᠳᠠᠭᠠᠯᠠᠴᠠ ᠶᠢᠨ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠬᠤ᠂ ᠬᠤᠪᠢᠷᠠᠯᠲᠠ ᠶᠢᠨ ᠬᠡᠮᠵᠢᠶ᠎ᠡ ᠶᠢ ᠰᠡᠷᠭᠡᠶᠢᠯᠡᠬᠦ︾  ᠱᠠᠭᠠᠷᠳᠠᠯᠭ᠎ᠠ ᠶᠣᠰᠣᠭᠠᠷ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠭᠦᠨᠵᠡᠭᠡᠢ ᠠᠬᠢᠭᠤᠯᠬᠤ ᠭᠡᠷᠡᠭᠳᠡᠢ ᠭᠡᠪᠡ᠃
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号